ᠳ᠋ᠧᠩᠺᠸᠦ ᠰᠢᠶᠠᠨ ᠠᠵᠤ ᠠᠬᠤᠶᠢᠯᠠᠯ ᠤᠨ ᠪᠡᠯᠡ ᠣᠷᠣᠭᠤᠯᠤᠨ ᠡᠯᠡᠰᠦ ᠶᠢ ᠵᠠᠰᠠᠬᠤ ᠶᠢ ᠬᠥᠲᠥᠯᠥᠨ ᠳᠠᠭᠠᠭᠤᠯᠵᠤ᠂ ︽ᠭᠡᠷᠡᠯ ᠴᠡᠨᠡᠭ᠂ ᠣᠷᠭᠠᠨᠢᠭ ᠰᠦ ᠶᠢᠨ | ᠦᠢᠯᠡᠰ᠂ ᠬᠢᠲᠠᠳ ᠡᠪᠡᠰᠦᠨ ᠡᠮ ᠤᠨ ᠮᠠᠲ᠋ᠧᠷᠢᠶᠠᠯ + ᠠᠮᠢ ᠠᠬᠤᠢ ᠶᠢᠨ ᠵᠠᠰᠠᠯᠲᠠ︾ ᠪᠠᠷ ᠭᠤᠣᠯ ᠪᠣᠯᠭᠠᠭᠰᠠᠨ ᠠᠵᠤ ᠦᠢᠯᠡᠰ ᠤᠨ ᠡᠯᠡᠰᠦ ᠶᠢ ᠵᠠᠰᠠᠬᠤ ᠰᠢᠰᠲ᠋ᠧᠮ | ᠢ ᠪᠠᠶᠢᠭᠤᠯᠵᠤ᠂ ᠵᠠᠰᠠᠭ ᠠᠵᠤ ᠠᠬᠤᠶᠢᠯᠠᠯ ᠢ ᠤᠶᠠᠯᠳᠤᠭᠤᠯᠤᠭᠰᠠᠨ ᠠᠮᠢ ᠠᠬᠤᠢ ᠶᠢᠨ ᠵᠠᠰᠠᠯᠲᠠ ᠶᠢᠨ ᠰᠢᠨ᠎ᠡ ᠵᠠᠮ ᠢ ᠬᠠᠶᠢᠨ ᠰᠦᠪᠡᠭᠴᠢᠯᠡᠵᠤ ᠪᠠᠶᠢᠨ᠎ᠠ᠃ | ᠰᠤᠷᠪᠤᠯᠵᠢᠯᠠᠭᠴᠢ ᠤᠯᠠᠭᠠᠨᠪᠤᠬ᠎ᠠ ᠶᠢᠨ ᠡᠯᠡᠰᠦᠨ ᠴᠥᠯ ᠳᠤ ᠬᠦᠷᠬᠦ ᠳᠤ᠂ ᠬᠡᠰᠡᠭ ᠬᠡᠰᠡᠭ ᠵᠠᠭ ᠤᠨ ᠣᠶ ᠨᠤᠭᠤᠭᠠᠷᠠᠨ ᠬᠠᠷᠠᠭᠳᠠᠵᠤ᠂ ᠠᠵᠢᠯᠴᠢᠳ ᠶᠠᠭ ᠵᠠᠭ | ᠤᠨ ᠣᠶ ᠶᠢᠨ ᠦᠨᠳᠦᠰᠦᠨ ᠳᠠᠬᠢ ᠴᠠᠭᠠᠨ ᠭᠤᠶᠣᠣ ᠶᠢ ᠮᠠᠯᠳᠠᠨ ᠶᠠᠭᠠᠷᠠᠯᠳᠤᠵᠤ ᠪᠠᠶᠢᠯ᠎ᠠ᠃ | ᠥᠪᠥᠷ ᠮᠣᠩᠭᠤᠯ ᠤᠨ ᠸᠠᠩ ᠶᠧ ᠳ᠋ᠢ ᠴᠠᠭᠠᠨ ᠭᠤᠶᠣᠣ ᠠᠮᠢᠳᠤ ᠪᠣᠳᠠᠰ ᠤᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠧᠢ ᠵᠢᠶᠦ᠋ᠨ ᠤ ᠬᠡᠯᠡᠬᠦ ᠪᠠᠷ᠂ | ᠡᠨᠡ ᠬᠠᠪᠤᠷ ᠴᠠᠭᠠᠨ ᠭᠤᠶᠤᠤ ᠶᠢᠨ ᠦᠨ᠎ᠡ ᠦᠨᠳᠦᠰᠦᠨ ᠳᠡᠭᠡᠨ ᠺᠢᠯᠣᠭ᠍ᠷᠠᠮ ᠪᠦᠷᠢ ᠳᠡᠭᠡᠨ 25 — 30 ᠲᠥᠭᠦᠷᠢᠭ ᠪᠠᠶᠢᠵᠤ᠂ ᠮᠦ ᠪᠦᠷᠢ ᠶᠢᠨ ᠦᠢᠯᠡᠳᠬᠦᠨ ᠤ | ᠥᠷᠲᠡᠭ 3000 ᠲᠥᠭᠦᠷᠢᠭ ᠣᠷᠴᠢᠮ ᠬᠦᠷᠴᠦ ᠪᠠᠶᠢᠨ᠎ᠠ ᠬᠡᠵᠤ ᠪᠠᠶᠢᠯ᠎ᠠ᠃ | 4 ᠰᠠᠷ᠎ᠠ ᠶᠢᠨ 1 ᠤ ᠡᠳᠦᠷ ᠲᠦᠷᠦᠭᠦᠦ ᠪᠦᠯᠦᠭ ᠤᠨ ᠴᠠᠭᠠᠨ ᠭᠤᠶᠣᠣ ᠲᠡᠭᠦᠵᠦ ᠪᠣᠯᠪᠠᠰᠤᠷᠠᠭᠤᠯᠬᠤ ᠠᠴᠠ ᠡᠬᠢᠯᠡᠨ᠂ ᠦᠢᠯᠡᠳᠪᠦᠷᠢ ᠶᠢᠨ ᠲᠠᠰᠤᠭ ᠡᠳᠦᠷ | ᠪᠦᠷᠢ ᠳᠦᠭᠦᠷᠡᠩ ᠳᠠᠭᠠᠭᠠᠴᠠ ᠲᠠᠢ ᠠᠵᠢᠯᠯᠠᠵᠤ᠂ ᠡᠳᠦᠷ ᠲᠤ 5 ᠲᠣᠨ ᠴᠠᠭᠠᠨ ᠭᠤᠶᠣᠣ ᠪᠤᠯᠪᠠᠰᠤᠷᠠᠭᠤᠯᠤᠨ᠂ ᠭᠤᠸᠠᠩᠵᠧᠦ᠂ ᠱᠧᠨᠵᠧᠨ᠂ ᠵᠡᠭᠦᠨ ᠬᠤᠶᠢᠲᠤ | ᠣᠷᠣᠨ ᠵᠡᠷᠭᠡ ᠭᠠᠵᠠᠷ ᠲᠤ ᠪᠤᠷᠤᠯᠠᠭᠤᠯᠵᠤ ᠪᠠᠶᠢᠨ᠎ᠠ᠃ | ᠥᠪᠥᠷ ᠮᠣᠩᠭᠤᠯ ᠤᠨ ᠸᠠᠩ ᠶᠧ ᠳ᠋ᠢ ᠴᠠᠭᠠᠨ ᠭᠤᠶᠣᠣ ᠠᠮᠢᠳᠤ ᠪᠣᠳᠠᠰ ᠤᠨ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠼᠦᠢ ᠳ᠋ᠠ ᠯᠢ ᠬᠡᠯᠡᠬᠦ ᠳᠡᠭᠡᠨ᠂ | ᠪᠢᠳᠡ ᠵᠢᠯ ᠳᠤ 300 — 500 ᠲᠣᠨ ᠣᠷᠴᠢᠮ ᠴᠠᠭᠠᠨ ᠭᠤᠶᠣᠣ ᠪᠤᠯᠪᠠᠰᠤᠷᠠᠭᠤᠯᠵᠤ᠂ ᠭᠤᠣᠯᠳᠠᠭᠤ ᠡᠮ ᠤᠨ ᠵᠦᠢᠯ ᠪᠠ ᠢᠳᠡᠭᠡᠨ ᠤ ᠵᠦᠢᠯ ᠪᠤᠯᠭᠠᠨ | ᠦᠢᠯᠡᠳᠪᠤᠷᠢᠯᠡᠳᠡᠭ᠂ ᠪᠢᠳᠡᠨ ᠤ ᠨᠢᠳᠤᠨᠤᠨ ᠤ ᠪᠤᠷᠤᠯᠠᠭᠤᠯᠭ᠎ᠠ ᠶᠢᠨ ᠬᠡᠮᠵᠢᠶ᠎ᠡ 3600 ᠲᠦᠮᠡᠨ ᠲᠥᠭᠦᠷᠢᠭ ᠪᠠᠶᠢᠵᠤ᠂ ᠡᠨᠡ ᠵᠢᠯ ᠵᠢᠱᠢᠯᠲᠡ ᠪᠠᠷ 5000 ᠲᠦᠮᠡᠨ | ᠲᠥᠭᠦᠷᠢᠭ ᠠᠴᠠ ᠳᠡᠭᠡᠭᠰᠢ ᠬᠦᠷᠬᠡᠬᠦ ᠪᠠᠷ ᠪᠠᠶᠢᠨ᠎ᠠ ᠬᠡᠵᠤ ᠪᠠᠶᠢᠯ᠎ᠠ᠃ | ᠴᠠᠭᠠᠨ ᠭᠤᠶᠣᠣ ᠪᠣᠯ ᠨᠢᠬᠡ ᠵᠦᠢᠯ ᠤᠨ ᠮᠥᠯᠵᠢᠭᠦᠷ ᠤᠷᠭᠤᠮᠠᠯ᠂ ᠨᠡᠯᠢᠶᠡᠳ ᠰᠠᠶᠢᠨ ᠠᠵᠤ ᠠᠬᠤᠢ ᠶᠢᠨ ᠦᠷ᠎ᠡ ᠠᠰᠢᠭ ᠲᠠᠢ᠂ ᠲᠡᠭᠦᠨ ᠤ ᠲᠦᠰᠢᠭᠯᠡᠨ | ᠠᠮᠢᠳᠤᠷᠠᠳᠠᠭ ᠵᠠᠭ ᠨᠢ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠦᠢᠯᠡᠳᠦᠯ ᠲᠠᠢ ᠪᠠᠶᠢᠳᠠᠭ᠃ 2003 ᠣᠨ ᠠᠴᠠ ᠡᠬᠢᠯᠡᠨ᠂ ᠠᠵᠤ ᠠᠬᠤᠶᠢᠯᠠᠯ | ᠬᠠᠮᠲᠤ ᠶᠢᠨ ᠡᠯᠡᠰᠦ ᠮᠠᠩᠬ᠎ᠠ ᠶᠢ ᠰᠢᠯᠵᠢᠭᠦᠯᠦᠨ ᠠᠪᠴᠦ ᠵᠠᠭ ᠲᠠᠷᠢᠨ᠂ ᠴᠠᠭᠠᠨ ᠭᠤᠶᠣᠣ ᠶᠢᠨ ᠠᠵᠤ ᠦᠢᠯᠡᠰ ᠢ ᠬᠦᠭᠵᠢᠬᠦᠯᠵᠤ᠂ ᠤᠳᠤ ᠪᠤᠯᠬᠤ ᠳᠤ᠂ ᠳ᠋ᠧᠩᠺᠸᠤ | ᠰᠢᠶᠠᠨ ᠳᠤ 3 ᠲᠦᠮᠡᠨ ᠮᠦ ᠬᠢᠲᠠᠳ ᠡᠮ ᠤᠨ ᠮᠠᠲ᠋ᠧᠷᠢᠶᠠᠯ ᠴᠠᠭᠠᠨ ᠭᠤᠶᠣᠣ ᠶᠢᠨ ᠡᠯᠡᠰᠦᠷᠬᠡᠭᠵᠢᠯ ᠢ ᠵᠠᠰᠠᠬᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠢ | ᠪᠠᠶᠢᠭᠤᠯᠵᠠᠢ᠃ 2023 ᠣᠨ ᠳᠤ᠂ ᠠᠵᠤ ᠠᠬᠤᠶᠢᠯᠠᠯ ᠳ᠋ᠧᠩᠺᠸᠤ ᠰᠢᠶᠠᠨ ᠤ ︽ᠭᠡᠷᠡᠯ ᠸᠣᠯᠲ + ᠠᠮᠢ ᠠᠬᠤᠢ ᠶᠢᠨ ᠵᠠᠰᠠᠯᠲᠠ︾ ᠶᠢᠨ ᠲᠦᠷᠦᠯ ᠵᠦᠢᠯ ᠳᠤ | ᠲᠦᠰᠢᠭᠯᠡᠨ᠂ ᠭᠡᠷᠡᠯ ᠸᠣᠯᠲ ᠤᠨ ᠬᠠᠪᠲᠠᠰᠤᠨ ᠳᠣᠣᠷ᠎ᠠ ᠲᠦᠷᠪᠡᠨ ᠵᠢᠭᠦᠷᠲᠦ ᠭᠠᠭᠤᠳᠠᠢ᠂ ᠴᠠᠭᠠᠨ ᠭᠤᠶᠣᠣ ᠲᠠᠷᠢᠵᠤ᠂ ︽ᠠᠭᠠᠷ ᠲᠤ ᠭᠡᠷᠡᠯ ᠸᠣᠯᠲ ᠤᠨ ᠬᠠᠪᠲᠠᠰᠤ | ᠪᠤᠰᠬᠠᠵᠤ᠂ ᠭᠠᠵᠠᠷ ᠲᠡᠬᠡᠷ᠎ᠡ ᠵᠠᠭ ᠤᠨ ᠤᠢ ᠲᠠᠷᠢᠨ᠂ ᠭᠠᠵᠠᠷ ᠲᠤᠤᠷ᠎ᠠ ᠴᠠᠭᠠᠨ ᠭᠤᠶᠣᠣ ᠲᠠᠷᠢᠵᠤ᠂ ᠤᠢ ᠶᠢᠨ ᠬᠤᠷᠮᠣᠢ ᠳᠤ ᠮᠠᠯ ᠵᠢᠭᠦᠷᠲᠡᠨ ᠲᠡᠵᠢᠭᠡᠬᠦ ᠶᠢ ᠨᠢᠭᠡ | ᠴᠣᠭᠴᠠᠵᠢᠭᠤᠯᠤᠭᠰᠠᠨ︾ ᠠᠮᠢ ᠠᠬᠤᠢ ᠶᠢ ᠰᠡᠷᠭᠦᠭᠡᠬᠦ ᠵᠠᠭᠪᠤᠷ ᠢ ᠪᠦᠷᠢᠯᠳᠦᠭᠦᠯᠵᠡᠢ᠃ | ᠡᠯᠡᠰᠦ ᠶᠢ ᠵᠠᠰᠠᠬᠤ ᠠᠵᠢᠯ ᠳᠤ ᠣᠷᠳᠣ ᠬᠤᠭᠤᠴᠠᠭᠠᠨ ᠤ ᠨᠡᠯᠢᠶᠡᠳ ᠥᠨᠳᠥᠷ ᠪᠡᠯᠡ ᠣᠷᠣᠭᠤᠯᠤᠯᠲᠠ ᠶᠢ ᠱᠠᠭᠠᠷᠳᠠᠬᠤ ᠪᠤᠯᠬᠤᠷ᠂ ᠪᠠᠶᠠᠨᠨᠠᠭᠤᠷ ᠬᠤᠲᠠ ᠶᠢᠨ | ᠳ᠋ᠧᠩᠺᠸᠤ ᠰᠢᠶᠠᠨ ᠣᠶ ᠰᠢᠭᠤᠢ ᠡᠪᠡᠰᠦ ᠪᠡᠯᠴᠢᠬᠡᠷ ᠤᠨ ᠬᠡᠷᠡᠭᠯᠡᠬᠦ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ︽ᠭᠤᠷᠪᠠᠨ ᠡᠷᠬᠡ ᠶᠢ ᠰᠠᠯᠭᠠᠬᠤ︾ ᠵᠡᠷᠭᠡ | ᠲᠥᠷᠥ ᠶᠢᠨ ᠪᠣᠳᠣᠯᠭ᠎ᠠ ᠪᠠᠷ ᠲᠠᠮᠵᠢᠭᠤᠯᠤᠨ᠂ ᠡᠯᠡᠰᠦ ᠰᠢᠷᠣᠢ ᠬᠡᠷᠡᠯ ᠢᠯᠴᠢ ᠤᠰᠤ ᠵᠡᠷᠭᠡ ᠡᠬᠢ ᠪᠠᠶᠠᠯᠢᠭ ᠤᠨ ᠳᠠᠪᠠᠭᠤᠯᠢᠭ ᠲᠤ ᠪᠠᠨ ᠲᠦᠰᠢᠭᠯᠡᠨ᠂ ᠨᠡᠶᠢᠭᠡᠮ ᠤᠨ | ᠬᠥᠷᠥᠩᠭᠡ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠣᠷᠣᠯᠴᠠᠬᠤ ᠶᠢ ᠬᠥᠲᠥᠯᠥᠨ ᠵᠢᠯᠤᠭᠤᠳᠴᠦ᠂ ᠣᠲᠣ ᠪᠣᠯᠲᠠᠯ᠎ᠠ᠂ ᠳ᠋ᠧᠩᠺᠸᠤ ᠰᠢᠶᠠᠨ ᠳᠤ | ᠱᠧᠩ ᠮᠦ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ᠂ ᠮᠧᠩ ᠨᠢᠦ᠂ ᠸᠠᠩ ᠶᠧ ᠳ᠋ᠢ᠂ ᠭᠦᠸᠧ ᠬᠤᠸᠠ ᠵᠡᠷᠭᠡ ᠪᠠᠷ ᠲᠥᠯᠥᠭᠡᠯᠡᠭᠦᠯᠦᠭᠰᠡᠨ ᠡᠯ᠎ᠡ ᠲᠥᠷᠥᠯ ᠤᠨ | ᠡᠯᠡᠰᠦᠨ ᠤ ᠠᠵᠤ ᠦᠢᠯᠡᠰ ᠤᠨ ᠡᠵᠡᠩᠨᠡᠯᠲᠡ ᠶᠢᠨ ᠪᠡᠶᠡᠴᠢ ᠴᠣᠭᠴᠠ 91 ᠪᠠᠶᠢᠵᠤ᠂ 80 ᠲᠦᠮᠡᠨ ᠮᠦ ᠠᠮᠢ ᠠᠬᠤᠢ ᠶᠢᠨ ᠵᠠᠰᠠᠯᠲᠠ ᠶᠢ ᠪᠡᠶᠡᠯᠡᠭᠦᠯᠦᠭᠰᠡᠨ ᠪᠠᠶᠢᠨ᠎ᠠ᠃ | | ᠳ᠋ᠧᠩᠺᠸᠤ ᠰᠢᠶᠠᠨ ᠤ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠲᠣᠪᠴᠢᠶ᠎ᠠ ᠶᠢᠨ ᠬᠥᠭᠵᠢᠭᠦᠯᠦᠯᠲᠡ ᠥᠭᠡᠷᠡᠴᠢᠯᠡᠯᠲᠡ ᠪᠣᠯᠣᠨ ᠡᠯᠡᠰᠦ ᠶᠢ ᠵᠠᠰᠠᠬᠤ | ᠠᠵᠤ ᠦᠢᠯᠡᠰ ᠤᠨ ᠲᠠᠰᠤᠭ ᠤᠨ ᠳᠠᠷᠤᠭ᠎ᠠ ᠸᠠᠩ ᠬᠠᠢ ᠯᠦᠩ ᠠᠴᠠ᠂ ᠡᠯᠡᠰᠦᠷᠬᠡᠭ ᠣᠷᠣᠨ ᠤ ᠤᠰᠤ᠂ ᠭᠡᠷᠡᠯ᠂ ᠢᠯᠴᠢ ᠵᠡᠷᠭᠡ ᠨᠥᠬᠦᠴᠡᠯ ᠢ ᠭᠦᠢᠴᠡᠳ | ᠠᠰᠢᠭᠯᠠᠵᠤ᠂ ᠤᠯᠠᠭᠠᠨᠪᠤᠬ᠎ᠠ ᠡᠯᠡᠰᠦᠷᠬᠡᠭ ᠣᠷᠣᠨ ᠢ ᠠᠮᠢ ᠠᠬᠤᠢ ᠶᠢᠨ ᠴᠢᠳᠠᠮᠵᠢ᠂ ᠠᠮᠢ ᠠᠬᠤᠢ ᠶᠢᠨ ᠦᠷ᠎ᠡ ᠠᠰᠢᠭ᠂ ᠠᠵᠤ ᠦᠢᠯᠡᠰ ᠢᠶᠠᠷ ᠠᠷᠠᠳ ᠢ | ᠪᠠᠶᠠᠵᠢᠭᠤᠯᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠵᠢᠱᠢᠶ᠎ᠡ ᠦᠵᠡᠭᠦᠯᠬᠦ ᠣᠷᠣᠨ ᠪᠣᠯᠭᠠᠨ ᠠᠯᠬᠤᠮ ᠠᠯᠬᠤᠮ ᠢᠶᠠᠷ ᠪᠦᠲᠦᠭᠡᠨ | ᠪᠠᠶᠢᠭᠤᠯᠤᠨ᠎ᠠ ᠬᠡᠵᠤ ᠪᠠᠶᠢᠯ᠎ᠠ᠃ | | | |