︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠠᠲᠤᠨ ᠭᠤᠣᠯ ᠤᠨ ︽ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠶ᠎ᠡ — ᠦᠶᠤᠸᠠᠨ ᠰᠢᠶᠠᠨ ︽ᠤᠢ ᠰᠢᠭᠤᠢ ᠶᠢᠨ ᠳᠠᠷᠤᠭ᠎ᠠ ᠡᠯᠡᠰᠦᠨ ᠳᠣᠪᠤ ᠶᠢᠨ ᠳᠠᠷᠤᠭ᠎ᠠ ᠶᠢᠨ ᠳᠦᠷᠢᠮ︾ ᠤᠨ ᠬᠦᠴᠦ ᠪᠠᠨ ᠬᠠᠮᠲᠤᠳᠬᠠᠨ ᠳᠣᠲᠣᠷ ᠭᠠᠵᠠᠷ ᠤᠨ ᠡᠯᠡᠰᠦᠨ ᠳᠣᠪᠤ ᠶᠢᠨ ᠵᠠᠰᠠᠯᠲᠠ ᠶᠢ ᠪᠥᠬᠦ ᠲᠠᠯ᠎ᠠ ᠪᠠᠷ ᠠᠭᠢᠭᠤᠯᠤᠨ᠎ᠠ
ᠨᠡᠶᠢᠲᠡᠯᠡᠭᠰᠡᠨ ᠴᠠᠭ᠄
2024/6/11
      ᠦᠶᠤᠸᠠᠨ ᠰᠢᠶᠠᠨ ︽ᠤᠢ ᠰᠢᠭᠤᠢ ᠶᠢᠨ ᠳᠠᠷᠤᠭ᠎ᠠ ᠡᠯᠡᠰᠦᠨ ᠳᠣᠪᠤ ᠶᠢᠨ ᠳᠠᠷᠤᠭ᠎ᠠ ᠶᠢᠨ ᠳᠦᠷᠢᠮ︾ ᠢ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠬᠡᠰᠡᠭ ᠪᠤᠰᠠᠭ ᠡᠯᠡᠰᠦᠨ ᠲᠣᠪᠤ ᠶᠢ ᠵᠠᠰᠠᠬᠤ ᠪᠠᠷ ᠲᠠᠮᠵᠢᠨ᠂ ᠴᠠᠭ ᠲᠤᠭᠢᠶᠠᠯ ᠢ ᠵᠠᠪᠳᠤᠨ ᠮᠣᠳᠣ ᠲᠠᠷᠢᠵᠤ ᠨᠤᠭᠤᠭᠠᠷᠠᠭᠤᠯᠤᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠵᠤ ᠪᠠᠶᠢᠨ᠎ᠠ᠃      ᠦᠶᠤᠸᠠᠨ ᠰᠢᠶᠠᠨ ᠤ ᠲᠤᠷᠤᠭ ᠪᠠᠯᠭᠠᠰᠤᠨ ᠤ ᠯᠢᠶᠠᠨ ᠹᠧᠩ ᠲᠤᠰᠬᠤᠨ ᠤ ᠬᠡᠰᠡᠭ ᠪᠤᠰᠠᠭ ᠡᠯᠡᠰᠦᠨ ᠲᠣᠪᠤ ᠶᠢ ᠵᠠᠰᠠᠬᠤ ᠲᠦᠷᠦᠯ ᠵᠦᠢᠯ ᠤᠨ ᠲᠤᠭᠤᠷᠢᠭ ᠲᠤ ᠂ ᠠᠷᠪᠠᠨ ᠭᠡᠳᠦᠨ ᠠᠵᠢᠯᠴᠢᠳ ᠲᠤᠳᠤᠷᠠᠭ᠎ᠠ ᠶᠢᠨ ᠰᠦᠷᠡᠯ ᠢᠶᠠᠷ ᠡᠯᠡᠰᠤ ᠶᠢ ᠲᠤᠭᠳᠠᠪᠤᠷᠢᠵᠢᠭᠤᠯᠤᠨ᠂ ᠰᠡᠭᠦᠯᠴᠢ ᠶᠢᠨ ᠬᠤᠭᠤᠴᠠᠭᠠᠨ ᠳᠤ ᠡᠯᠡᠰᠦ ᠶᠢ ᠲᠣᠭᠲᠠᠪᠤᠷᠢᠵᠢᠭᠤᠯᠬᠤ ᠤᠷᠭᠤᠮᠠᠯ ᠵᠠᠶᠢᠯᠠᠬᠤ ᠨᠣᠷᠮ᠎ᠠ ᠶᠢ ᠳᠡᠭᠡᠭᠰᠢᠯᠡᠭᠦᠯᠵᠦ᠂ ᠬᠠᠭᠠᠰ ᠨᠡᠭᠦᠳᠡᠯ ᠡᠯᠡᠰᠦᠨ ᠳᠣᠪᠤ ᠶᠢ ᠲᠣᠭᠲᠠᠪᠤᠷᠢᠵᠢᠭᠤᠯᠤᠭᠰᠠᠨ ᠡᠯᠡᠰᠦᠨ ᠳᠣᠪᠤ ᠪᠣᠯᠭᠠᠵᠤ ᠪᠠᠶᠢᠨ᠎ᠠ᠃      ᠦᠶᠤᠸᠠᠨ ᠰᠢᠶᠠᠨ ᠤ ᠲᠤᠷᠤᠭ ᠪᠠᠯᠭᠠᠰᠤᠨ ᠤ ᠳᠠᠷᠤᠭ᠎ᠠ ᠯᠠᠨ ᠮᠧᠢ ᠴᠢᠩ ᠰᠤᠷᠪᠤᠯᠵᠢᠯᠠᠭᠴᠢ ᠳᠤ ᠲᠤᠷᠤᠭ ᠪᠠᠯᠭᠠᠰᠤᠨ ᠳᠤ ᠨᠡᠶᠢᠲᠡ ᠭᠤᠷᠪᠠᠨ ᠬᠡᠰᠡᠭ ᠵᠠᠰᠠᠬᠤ ᠴᠢᠬᠤᠯᠠᠲᠠᠢ ᠡᠯᠡᠰᠦᠨ ᠲᠤᠪᠤ ᠨᠡᠶᠢᠲᠡ 1410 ᠮᠦ ᠪᠠᠶᠢᠳᠠᠭ᠃ ᠡᠨᠡᠭᠦ ᠡᠯᠡᠰᠤᠨ ᠲᠤᠪᠤ ᠪᠤᠯ ᠯᠢᠶᠠᠨ ᠹᠧᠩ ᠲᠤᠰᠬᠤᠨ ᠤ ᠡᠯᠡᠰᠤᠨ ᠲᠤᠪᠤ ᠪᠠᠶᠢᠵᠤ᠂ ᠶᠡᠷᠤᠩᠬᠡᠢ ᠲᠠᠯᠠᠪᠠᠢ ᠨᠢ 425 ᠮᠦ᠂ ᠣᠳᠣ ᠪᠤᠯᠲᠠᠯ᠎ᠠ ᠨᠢᠭᠡᠨᠲᠡ 85% ᠶᠢᠨ ᠡᠪᠡᠰᠦ ᠲᠠᠷᠢᠬᠤ ᠦᠨᠳᠦᠰᠦᠨ  ᠢᠨᠵᠧᠨᠧᠷᠢᠩ ᠢ ᠪᠡᠶᠡᠯᠡᠭᠦᠯᠵᠡᠶ᠃ ᠳᠠᠷᠠᠭᠠᠴᠢ ᠶᠢᠨ ᠠᠯᠬᠤᠮ ᠳᠤ ᠂ ᠪᠢᠳᠡ ᠮᠠᠩᠬᠠᠨ ᠲᠤᠳᠤᠷ᠎ᠠ ᠤᠰᠤ ᠲᠠᠮᠵᠢᠭᠤᠯᠬᠤ ᠬᠤᠭᠤᠯᠠᠢ ᠶᠢ ᠰᠢᠨ᠎ᠡ ᠪᠠᠷ ᠪᠠᠶᠢᠭᠤᠯᠤᠨ᠂  ᠰᠡᠭᠦᠯᠴᠢ ᠶᠢᠨ ᠦᠶ᠎ᠡ ᠶᠢᠨ ᠲᠤᠷᠤᠭ ᠮᠣᠳᠣ᠂ ᠪᠤᠲᠠᠯᠢᠭ ᠮᠣᠳᠣ ᠲᠠᠷᠢᠬᠤ ᠳᠤ ᠬᠡᠷᠡᠭᠯᠡᠬᠦ ᠪᠤᠯᠭᠠᠨ᠎ᠠ ᠭᠡᠪᠡ᠃      ᠦᠶᠤᠸᠠᠨ ᠰᠢᠶᠠᠨ ᠳᠤ 16 ᠭᠡᠰᠡᠭ 50 ᠮᠦ ᠠᠴᠠ ᠳᠡᠭᠡᠭᠰᠢ ᠬᠡᠰᠡᠭ ᠪᠤᠰᠠᠭ ᠡᠯᠡᠰᠦᠨ ᠲᠣᠪᠤ ᠨᠡᠶᠢᠲᠡ 11479 ᠮᠦ ᠪᠠᠶᠢᠵᠤ᠂ ᠲᠤᠷᠤᠭ ᠪᠠᠯᠭᠠᠰᠤ᠂  ᠢᠨᠳᠡᠷᠲᠦ ᠪᠠᠯᠭᠠᠰᠤ ᠵᠡᠷᠭᠡ 6 ᠰᠢᠶᠠᠩ ᠪᠠᠯᠭᠠᠰᠤᠨ ᠳᠤ ᠲᠠᠷᠬᠠᠵᠤ ᠪᠠᠶᠢᠳᠠᠭ᠃ 2024 ᠤᠨ ᠳᠤ᠂ ᠪᠦᠬᠦ ᠰᠢᠶᠠᠨ ᠢᠶᠠᠷ ᠢᠶᠠᠨ 14 ᠬᠡᠰᠡᠭ ᠪᠤᠰᠠᠭ ᠡᠯᠡᠰᠦᠨ ᠲᠤᠪᠤ ᠂ 8000 ᠮᠤ᠋ ᠶᠢ ᠵᠠᠰᠠᠬᠤ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ᠂ ᠡᠭᠦᠨ ᠳᠤ ᠢᠨᠵᠧᠨᠧᠷᠢᠩ ᠢᠶᠠᠷ 3 000 ᠮᠦ ᠡᠯᠡᠰᠦ ᠶᠢ ᠲᠣᠭᠲᠠᠪᠤᠷᠢᠵᠢᠭᠤᠯᠵᠤ᠂ 5 000 ᠮᠦ ᠡᠯᠡᠰᠦ ᠶᠢ ᠪᠢᠲᠡᠭᠦᠮᠵᠢᠯᠡᠨ ᠤᠶᠢᠵᠢᠭᠤᠯᠤᠨ᠎ᠠ᠃ ᠬᠡᠰᠡᠭ ᠪᠤᠰᠠᠭ ᠡᠯᠡᠰᠦᠨ ᠳᠣᠪᠤ ᠶᠢ ᠵᠠᠰᠠᠬᠤ ᠶᠠᠪᠣᠴᠠ ᠳᠤ᠂ ᠦᠶᠦᠸᠠᠨ ᠰᠢᠶᠠᠨ ︽ᠤᠢ ᠰᠢᠭᠤᠢ ᠶᠢᠨ ᠳᠠᠷᠤᠭ᠎ᠠ ᠡᠯᠡᠰᠦᠨ ᠳᠣᠪᠤ ᠶᠢᠨ ᠳᠠᠷᠤᠭ᠎ᠠ ᠶᠢᠨ ᠳᠦᠷᠢᠮ︾ ᠢ ᠬᠡᠷᠡᠭᠵᠢᠭᠦᠯᠵᠦ᠂ ︽ᠤᠷᠢᠳᠴᠢᠯᠠᠨ ᠵᠢᠯᠣᠭᠤᠳᠬᠤ᠂ ᠳᠤᠮᠳᠠ ᠠᠴᠠ ᠨᠢ ᠪᠠᠶᠢᠴᠠᠭᠠᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ︾ ᠪᠦᠬᠦ ᠶᠠᠪᠤᠴᠠ  ᠳᠤ  ᠪᠢᠳᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠬᠦ ᠪᠠᠷ ᠲᠠᠮᠵᠢᠨ᠂ ᠡᠯᠡᠰᠦᠷᠬᠡᠭᠵᠢᠯ ᠢ ᠰᠡᠷᠭᠡᠶᠢᠯᠡᠨ  ᠵᠠᠰᠠᠬᠤ ᠪᠠ ᠠᠵᠤ ᠠᠬᠤᠶ ᠶᠢᠨ ᠣᠶ ᠶᠢᠨ ᠠᠵᠤ ᠦᠢᠯᠡᠰ᠂ ᠣᠶ ᠶᠢᠨ ᠬᠤᠷᠮᠣᠶ ᠶᠢᠨ ᠠᠵᠤ  ᠠᠬᠤᠢ ᠶᠢ ᠵᠣᠬᠢᠴᠠᠩᠭᠤᠶ ᠭᠦᠭᠵᠢᠭᠦᠯᠭᠦ ᠶᠢ ᠨᠢᠭᠡᠳᠦᠯᠲᠡᠢ ᠲᠦᠯᠦᠪᠯᠡᠵᠤ ᠪᠠᠶᠢᠨ᠎ᠠ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ