ᠲᠠᠲᠠᠪᠤᠷᠢᠯᠠᠬᠤ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠨᠡᠶᠢᠲᠡᠯᠡᠵᠦ ᠲᠠᠷᠢᠶᠠᠯᠠᠩ ᠳᠤ ᠬᠡᠷᠡᠭᠯᠡᠬᠦ ᠭᠠᠵᠠᠷ ᠠᠴᠠ ᠪᠤᠰᠤᠳ ᠭᠠᠵᠠᠷ ᠰᠢᠷᠣᠶ᠂ ᠬᠥᠬᠡ ᠴᠢᠬᠢ ᠪᠠ ᠭᠠᠵᠠᠷ ᠳᠡᠭᠡᠷᠡᠬᠢ ᠳᠠᠭᠠᠯᠲᠠ ᠪᠣᠳᠠᠰ ᠵᠡᠷᠭᠡ ᠶᠢᠨ ᠨᠥᠬᠦᠪᠥᠷᠢ ᠥᠭᠬᠦ ᠪᠠᠷᠢᠮᠵᠢᠶ᠎ᠠ ᠵᠢᠴᠢ ᠭᠠᠵᠠᠷ ᠰᠢᠷᠣᠶ ᠶᠢᠨ ᠨᠥᠬᠦᠪᠥᠷᠢ ᠵᠠᠷᠤᠳᠠᠯ ᠪᠠ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ ᠬᠤᠪᠢᠶᠠᠷᠢᠯᠠᠬᠤ ᠬᠠᠷᠢᠴᠠᠯ ᠢ ᠨᠡᠶᠢᠲᠡᠯᠡᠬᠦ ᠲᠤᠬᠠᠶ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/6/11
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢ ᠭᠦᠨᠵᠡᠭᠡᠶ ᠲᠤᠤᠱᠯᠠᠭᠤᠯᠤᠨ ᠬᠡᠷᠡᠭᠵᠢᠭᠦᠯᠬᠦ ᠶᠢᠨ ᠲᠤᠰᠠᠳᠠ᠂ ︽ᠭᠠᠵᠠᠷ ᠰᠢᠷᠣᠶ ᠲᠠᠲᠠᠪᠤᠷᠢᠯᠠᠬᠤ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠠᠴᠠ ᠭᠠᠳᠠᠨᠠᠬᠢ ᠪᠤᠰᠤᠳ ᠭᠠᠵᠠᠷ ᠰᠢᠷᠣᠶ᠂ ᠬᠥᠬᠡ ᠴᠢᠬᠢ ᠪᠠ ᠭᠠᠵᠠᠷ ᠳᠡᠭᠡᠷᠡᠬᠢ ᠳᠠᠭᠠᠯᠲᠠ ᠪᠣᠳᠠᠰ ᠵᠡᠷᠭᠡ ᠨᠥᠬᠦᠪᠥᠷᠢ ᠶᠢᠨ ᠪᠠᠷᠢᠮᠵᠢᠶ᠎ᠠ ᠵᠢᠴᠢ ᠭᠠᠵᠠᠷ ᠰᠢᠷᠣᠶ ᠶᠢᠨ ᠨᠥᠬᠦᠪᠥᠷᠢ ᠵᠠᠷᠤᠳᠠᠯ ᠪᠠ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ ᠢ ᠬᠤᠪᠢᠶᠠᠷᠢᠯᠠᠬᠤ ᠬᠠᠷᠢᠴᠠᠯ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠥᠰᠥᠭ 〔2020〕 77 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠰᠢᠨ᠎ᠡ ᠨᠢᠭᠡ ᠡᠭᠡᠯᠵᠢ ᠶᠢᠨ ᠭᠠᠵᠠᠷ ᠰᠢᠷᠣᠶ ᠲᠠᠲᠠᠪᠤᠷᠢᠯᠠᠬᠤ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠳᠤ ᠲᠣᠬᠢᠷᠠᠭᠤᠯᠤᠯᠲᠠ ᠬᠢᠵᠦ ᠰᠢᠨᠡᠳᠬᠡᠭᠰᠡᠨ ᠦᠷ᠎ᠡ ᠪᠦᠲᠦᠭᠡᠯ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ 〔2020〕 92 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠲᠣᠰ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠭᠠᠵᠠᠷ ᠲᠠᠲᠠᠪᠤᠷᠢᠯᠠᠬᠤ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠪᠠᠷ ᠲᠠᠷᠢᠶᠠᠯᠠᠩ ᠳᠤ ᠬᠡᠷᠡᠭᠯᠡᠬᠦ ᠭᠠᠵᠠᠷ ᠠᠴᠠ ᠭᠠᠳᠠᠨᠠᠬᠢ ᠪᠤᠰᠤᠳ ᠭᠠᠵᠠᠷ ᠰᠢᠷᠣᠶ᠂ ᠬᠥᠬᠡ ᠴᠢᠬᠢ ᠪᠠ ᠭᠠᠵᠠᠷ ᠳᠡᠭᠡᠷᠡᠬᠢ ᠳᠠᠭᠠᠯᠲᠠ ᠪᠣᠳᠠᠰ ᠵᠡᠷᠭᠡ ᠨᠥᠬᠦᠪᠥᠷᠢ ᠶᠢᠨ ᠪᠠᠷᠢᠮᠵᠢᠶ᠎ᠠ ᠵᠢᠴᠢ ᠭᠠᠵᠠᠷ ᠰᠢᠷᠣᠶ ᠶᠢᠨ ᠨᠥᠬᠦᠪᠥᠷᠢ ᠵᠠᠷᠤᠳᠠᠯ ᠪᠠ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ ᠢ ᠬᠤᠪᠢᠶᠠᠷᠢᠯᠠᠬᠤ ᠬᠠᠷᠢᠴᠠᠯ ᠢ ᠲᠣᠭᠲᠠᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠦᠷ᠎ᠡ ᠪᠦᠲᠦᠭᠡᠯ ᠢᠶᠠᠨ ᠨᠡᠶᠢᠲᠡᠯᠡᠬᠦ ᠶᠢᠨ ᠬᠠᠮᠲᠤ ᠳᠣᠤᠷᠠᠬᠢ ᠱᠠᠭᠠᠷᠳᠠᠯᠭ᠎ᠠ ᠶᠢ ᠳᠤᠷᠠᠳᠪᠠ᠂ ᠬᠠᠮᠲᠤ ᠳᠤᠨᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃      ᠨᠢᠭᠡ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠲᠠᠲᠠᠪᠤᠷᠢᠯᠠᠬᠤ ᠠᠴᠠ ᠪᠤᠰᠤᠳ ᠭᠠᠵᠠᠷ ᠰᠢᠷᠣᠶ ᠶᠢᠨ ᠨᠥᠬᠦᠪᠥᠷᠢ ᠶᠢᠨ ᠪᠠᠷᠢᠮᠵᠢᠶ᠎ᠠ ᠶᠢ ᠨᠡᠶᠢᠲᠡᠯᠡᠨ ᠬᠡᠷᠡᠭᠵᠢᠭᠦᠯᠬᠦ ᠶᠢᠨ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠶ      ᠭᠠᠵᠠᠷ ᠲᠠᠲᠠᠪᠤᠷᠢᠯᠠᠬᠤ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠪᠠᠷ ᠲᠠᠷᠢᠶᠠᠯᠠᠩ ᠳᠤ ᠬᠡᠷᠡᠭᠯᠡᠬᠦ ᠭᠠᠵᠠᠷ ᠠᠴᠠ ᠪᠤᠰᠤᠳ ᠭᠠᠵᠠᠷ ᠰᠢᠷᠣᠶ ᠂ ᠬᠥᠬᠡ ᠴᠢᠬᠢ ᠪᠠ ᠭᠠᠵᠠᠷ ᠳᠡᠭᠡᠷᠡᠬᠢ ᠳᠠᠭᠠᠯᠲᠠ ᠡᠳ᠋ ᠵᠡᠷᠭᠡ ᠶᠢᠨ ᠨᠥᠬᠦᠪᠥᠷᠢᠯᠡᠬᠦ ᠪᠠᠷᠢᠮᠵᠢᠶ᠎ᠠ ᠵᠢᠴᠢ ᠭᠠᠵᠠᠷ ᠰᠢᠷᠣᠶ ᠶᠢᠨ ᠨᠥᠬᠦᠪᠥᠷᠢ ᠵᠠᠷᠤᠳᠠᠯ ᠪᠣᠯᠤᠨ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ ᠢ ᠬᠤᠪᠢᠶᠠᠷᠢᠯᠠᠬᠤ ᠬᠠᠷᠢᠴᠠᠯ ᠢ ᠨᠡᠶᠢᠲᠡᠯᠡᠨ ᠬᠡᠷᠡᠭᠵᠢᠭᠦᠯᠬᠦ ᠪᠣᠯ ᠭᠠᠵᠠᠷ ᠲᠠᠲᠠᠪᠤᠷᠢᠯᠠᠭᠰᠠᠨ ᠳᠤ ᠨᠥᠬᠦᠪᠥᠷᠢ ᠥᠭᠴᠦ ᠲᠥᠪᠬᠢᠨᠡᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠭᠠᠵᠤ᠂ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠨᠢᠭᠡ ᠵᠦᠢᠯ ᠤᠨ ᠴᠢᠬᠤᠯᠠ ᠶᠡᠭᠡ ᠠᠷᠭ᠎ᠠ ᠬᠡᠮᠵᠢᠶ᠎ᠡ ᠪᠣᠯᠬᠤ ᠪᠥᠭᠡᠳ ᠨᠡᠶᠢᠭᠡᠮ ᠤᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠬᠠᠮᠠᠭᠠᠯᠠᠬᠤ ᠂ ᠠᠵᠤ ᠠᠬᠤᠶ ᠨᠡᠶᠢᠭᠡᠮ ᠤᠨ ᠲᠣᠭᠲᠠᠭᠤᠨ ᠪᠥᠭᠡᠳ ᠨᠡᠯᠢᠶᠡᠳ ᠲᠦᠷᠭᠡᠨ ᠬᠥᠭᠵᠢᠯᠲᠡ ᠶᠢ ᠪᠠᠲᠤᠯᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠷᠢᠶᠠᠯᠠᠩ ᠳᠤ ᠬᠡᠷᠡᠭᠯᠡᠬᠦ ᠭᠠᠵᠠᠷ ᠢ ᠲᠠᠲᠠᠪᠤᠷᠢᠯᠠᠬᠤ ᠠᠴᠠ ᠪᠤᠰᠤᠳ ᠭᠠᠵᠠᠷ ᠰᠢᠷᠣᠶ ᠶᠢᠨ ᠨᠥᠬᠦᠪᠥᠷᠢ ᠶᠢᠨ ᠪᠠᠷᠢᠮᠵᠢᠶ᠎ᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠨᠥᠬᠦᠪᠥᠷᠢᠯᠡᠨ ᠲᠣᠭᠲᠠᠭᠠᠬᠤ ᠪᠠᠷᠢᠮᠵᠢᠶ᠎ᠠ ᠶᠢ ᠲᠣᠭᠲᠠᠭᠠᠬᠤ ᠪᠠ ᠬᠡᠷᠡᠭᠵᠢᠭᠦᠯᠬᠦ ᠵᠠᠷᠴᠢᠮ᠂ ᠦᠨᠳᠦᠰᠦᠯᠡᠯ ᠪᠣᠯᠤᠨ ᠬᠤᠯᠪᠣᠭᠳᠠᠯ ᠪᠦᠬᠦᠢ ᠠᠭᠤᠯᠭ᠎ᠠ ᠶᠢ ᠨᠡᠶᠢᠭᠡᠮ ᠳᠤ ᠥᠷᠭᠡᠨ ᠢᠶᠠᠷ ᠤᠬᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠣᠶᠢᠯᠠᠭᠠᠯᠲᠠ ᠪᠣᠯᠤᠨ ᠳᠡᠮᠵᠢᠯᠭᠡ ᠶᠢ ᠣᠯᠬᠤ ᠬᠡᠷᠡᠭᠲᠡᠶ᠃      ᠬᠤᠶᠠᠷ᠂ ᠨᠥᠬᠦᠪᠥᠷᠢᠯᠡᠨ ᠲᠣᠭᠲᠠᠭᠠᠬᠤ ᠪᠠᠷᠢᠮᠵᠢᠶ᠎ᠠ ᠶᠢ ᠨᠡᠶᠢᠲᠡᠯᠡᠨ ᠬᠡᠷᠡᠭᠵᠢᠭᠦᠯᠬᠦ ᠪᠠ ᠰᠢᠨᠡᠳᠬᠡᠬᠦ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ      ᠲᠠᠷᠢᠶᠠᠯᠠᠩ ᠳᠤ ᠬᠡᠷᠡᠭᠯᠡᠬᠦ ᠭᠠᠵᠠᠷ ᠠᠴᠠ ᠪᠤᠰᠤᠳ ᠭᠠᠵᠠᠷ ᠰᠢᠷᠣᠶ᠂ ᠬᠥᠬᠡ ᠴᠢᠬᠢ ᠪᠣᠯᠤᠨ ᠭᠠᠵᠠᠷ ᠳᠡᠭᠡᠷᠡᠬᠢ ᠳᠠᠭᠠᠯᠲᠠ ᠪᠣᠳᠠᠰ ᠵᠡᠷᠭᠡ ᠨᠥᠬᠦᠪᠥᠷᠢ ᠶᠢᠨ ᠪᠠᠷᠢᠮᠵᠢᠶ᠎ᠠ ᠬᠢᠭᠡᠳ ᠭᠠᠵᠠᠷ ᠰᠢᠷᠣᠶ ᠶᠢᠨ ᠨᠥᠬᠦᠪᠥᠷᠢ ᠵᠠᠷᠤᠳᠠᠯ ᠪᠣᠯᠤᠨ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ ᠢ ᠬᠤᠪᠢᠶᠠᠷᠢᠯᠠᠬᠤ ᠬᠠᠷᠢᠴᠠᠯ ᠢ ᠨᠡᠶᠢᠲᠡᠯᠡᠭᠰᠡᠨ ᠤ ᠳᠠᠷᠠᠭ᠎ᠠ᠂ ᠵᠠᠰᠠᠭ ᠤᠨ ᠣᠷᠳᠣᠨ ᠤ ᠡᠭᠦᠳᠡᠨ ᠰᠦᠯᠵᠢᠶᠡᠨ ᠳᠡᠭᠡᠷ᠎ᠡ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ᠃ ᠡᠯ᠎ᠡ ᠬᠤᠰᠢᠭᠤ ᠰᠢᠶᠠᠨ ︵ᠲᠣᠭᠤᠷᠢᠭ︶ ᠨᠢ ᠠᠳᠠᠯᠢ ᠭᠠᠵᠠᠷ ᠲᠤ ᠠᠳᠠᠯᠢ ᠦᠨ᠎ᠡ ᠲᠠᠢ ᠪᠠᠶᠢᠬᠤ᠂ ᠵᠣᠬᠢᠴᠠᠩᠭᠤᠶ ᠪᠠᠷ ᠲᠡᠩᠴᠡᠭᠦᠷᠢᠲᠡᠶ ᠪᠠᠶᠢᠬᠤ᠂ ᠢᠯᠡ ᠲᠣᠳᠣ ᠪᠠᠶᠢᠯᠭᠠᠬᠤ ᠵᠠᠷᠴᠢᠮ ᠤᠨ ᠶᠣᠰᠣᠭᠠᠷ ᠭᠠᠵᠠᠷ ᠲᠠᠲᠠᠪᠤᠷᠢᠯᠠᠭᠰᠠᠨ ᠳᠤ ᠨᠥᠬᠦᠪᠥᠷᠢ ᠥᠭᠬᠦ ᠶᠢ ᠬᠡᠷᠡᠭᠵᠢᠭᠦᠯᠬᠦ ᠬᠡᠷᠡᠭᠲᠡᠶ᠃ ᠨᠥᠬᠦᠪᠥᠷᠢ ᠶᠢᠨ ᠪᠠᠷᠢᠮᠵᠢᠶ᠎ᠠ ᠶᠢ ᠰᠢᠨᠡᠳᠬᠡᠬᠦ ᠳᠦᠷᠢᠮ ᠢ ᠦᠨᠳᠦᠰᠦᠯᠡᠨ᠂ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠡᠩ ᠤᠨ ᠪᠠᠶᠢᠳᠠᠯ ᠳᠣᠤᠷ᠎ᠠ ᠭᠤᠷᠪᠠᠨ ᠵᠢᠯ ᠳᠤ ᠨᠢᠭᠡ ᠤᠳᠠᠭ᠎ᠠ ᠲᠣᠬᠢᠷᠠᠭᠤᠯᠤᠯᠲᠠ ᠬᠢᠬᠦ ᠪᠤᠶᠤ ᠰᠢᠨᠡᠳᠬᠡᠨ ᠨᠡᠶᠢᠲᠡᠯᠡᠬᠦ ᠬᠡᠷᠡᠭᠲᠡᠶ᠃      ᠭᠤᠷᠪᠠ᠂ ᠭᠠᠵᠠᠷ ᠲᠠᠲᠠᠪᠤᠷᠢᠯᠠᠬᠤ ᠣᠷᠣᠨ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠬᠡᠷᠡᠭᠵᠢᠭᠦᠯᠬᠦ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ      ᠭᠠᠵᠠᠷ ᠰᠢᠷᠣᠶ ᠲᠠᠲᠠᠪᠤᠷᠢᠯᠠᠬᠤ ᠳᠤ ᠨᠥᠬᠦᠪᠥᠷᠢ ᠥᠭᠬᠦ ᠠᠵᠢᠯ ᠪᠣᠯ ᠲᠥᠷᠥ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ ᠪᠣᠯᠬᠤᠷ᠂ ᠡᠯ᠎ᠡ ᠭᠠᠵᠠᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠱᠠᠲᠤᠨ ᠤ ᠠᠷᠠᠳ ᠤᠨ ᠶᠠᠪᠤᠳᠠᠯ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠬᠥᠳᠡᠭᠡ ᠲᠣᠰᠬᠤᠨ᠂ ᠬᠢᠨᠠᠨ ᠪᠣᠳᠣᠬᠤ ᠵᠡᠷᠭᠡ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠡᠯ᠎ᠡ ᠭᠠᠵᠠᠷ ᠤᠨ ᠠᠵᠢᠯ ᠢᠶᠠᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠪᠠ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠪᠠᠶᠢᠳᠠᠯ ᠭᠠᠷᠬᠤ ᠶᠢ ᠰᠡᠷᠭᠡᠶᠢᠯᠡᠨ ᠬᠤᠷᠢᠭᠯᠠᠵᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠡᠯ᠎ᠡ ᠭᠠᠵᠠᠷ ᠤᠨ ᠠᠵᠢᠯ ᠢᠶᠠᠨ ᠶᠠᠪᠤᠭᠳᠠᠭᠤᠯᠵᠤ ᠪᠠᠶᠢᠭ᠎ᠠ ᠵᠢᠯᠣᠭᠤᠳᠤᠯᠭ᠎ᠠ ᠪᠠᠨ ᠴᠢᠩᠭᠠᠳᠬᠠᠨ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠮᠡᠳᠡᠭᠦᠯᠦᠨ ᠵᠥᠪᠰᠢᠶᠡᠷᠡᠭᠦᠯᠬᠦ ᠶᠢ ᠴᠢᠩᠭ᠎ᠠ ᠬᠢᠨᠠᠨ ᠬᠠᠷᠭᠤᠭᠤᠯᠬᠤ ᠬᠡᠷᠡᠭᠲᠡᠶ᠃ ᠬᠡᠷᠡᠭᠵᠢᠭᠦᠯᠬᠦ ᠶᠠᠪᠤᠴᠠ ᠳᠤ ᠭᠠᠷᠤᠭᠰᠠᠨ ᠴᠢᠬᠤᠯᠠ ᠶᠡᠭᠡ ᠪᠠᠶᠢᠳᠠᠯ ᠪᠣᠯᠤᠨ ᠠᠰᠠᠭᠤᠳᠠᠯ ᠢ ᠴᠠᠭ ᠲᠤᠬᠠᠶ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃      ᠳᠠᠭᠠᠯᠳᠤᠭᠤᠯᠤᠯ᠄ 1᠂ ᠪᠠᠶᠠᠨᠨᠠᠭᠤᠷ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠠᠰᠢᠭᠯᠠᠭᠠᠳᠤᠶ ᠭᠠᠵᠠᠷ ᠰᠢᠷᠣᠶ ᠶᠢᠨ ᠲᠥᠷᠥᠯ ᠤᠨ ᠵᠠᠰᠠᠪᠤᠷᠢ ᠣᠷᠣᠭᠤᠯᠬᠤ ᠢᠯᠡᠳᠬᠡᠮᠵᠢ ᠶᠢᠨ ᠬᠦᠰᠦᠨᠦᠭᠲᠦ      2᠂ ᠪᠠᠶᠠᠨᠨᠠᠭᠤᠷ ᠬᠤᠲᠠ ᠶᠢᠨ ᠬᠥᠬᠡ ᠴᠢᠬᠢ ᠶᠢᠨ ᠨᠥᠬᠦᠪᠥᠷᠢ ᠶᠢᠨ ᠪᠠᠷᠢᠮᠵᠢᠶ᠎ᠠ ᠶᠢᠨ ᠬᠦᠰᠦᠨᠦᠭᠲᠦ      3᠂ ᠪᠠᠶᠠᠨᠨᠠᠭᠤᠷ ᠬᠤᠲᠠ ᠶᠢᠨ ᠭᠠᠵᠠᠷ ᠳᠡᠭᠡᠷᠡᠬᠢ ᠳᠠᠭᠠᠯᠲᠠ ᠪᠣᠳᠠᠰ ᠤᠨ ᠨᠥᠬᠦᠪᠥᠷᠢ ᠶᠢᠨ ᠪᠠᠷᠢᠮᠵᠢᠶ᠎ᠠ ᠶᠢᠨ ᠬᠦᠰᠦᠨᠦᠭᠲᠦ      4᠂ ᠪᠠᠶᠠᠨᠨᠠᠭᠤᠷ ᠬᠤᠲᠠ ᠶᠢᠨ ᠭᠠᠵᠠᠷ ᠰᠢᠷᠣᠶ ᠶᠢᠨ ᠨᠥᠬᠦᠪᠥᠷᠢ ᠵᠠᠷᠤᠳᠠᠯ ᠪᠠ ᠲᠥᠪᠬᠢᠨᠡᠭᠦᠯᠬᠦ ᠨᠥᠬᠦᠪᠦᠷᠢ ᠶᠢᠨ ᠵᠠᠷᠤᠳᠠᠯ ᠤᠨ ᠬᠠᠷᠢᠴᠠᠯ ᠤᠨ ᠬᠦᠰᠦᠨᠦᠭᠲᠦ      5 ᠂ ᠪᠠᠶᠠᠨᠨᠠᠭᠤᠷ ᠬᠤᠲᠠ ᠶᠢᠨ ᠭᠠᠵᠠᠷ ᠱᠢᠷᠣᠢ ᠲᠠᠲᠠᠪᠤᠷᠢᠯᠠᠬᠤ ᠣᠷᠣᠨ ᠤ ᠬᠡᠰᠡᠭ ᠤᠨ ᠶᠡᠷᠦᠩᠬᠡᠢᠯᠡᠭᠰᠡᠨ ᠭᠠᠵᠠᠷ ᠤᠨ ᠦᠨ᠎ᠡ ᠶᠢᠨ ᠵᠠᠰᠠᠪᠤᠷᠢ ᠶᠢᠨ ᠢᠯᠡᠳᠭᠡᠮᠵᠢ ᠶᠢᠨ ᠨᠠᠷᠢᠯᠢᠭ ᠬᠦᠰᠦᠨᠦᠭᠲᠦ                              ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                      2024 ᠣᠨ ᠤ 4 ᠰᠠᠷ᠎ᠠ ᠶᠢᠨ 29 ᠤ ᠡᠳᠦᠷ︵ᠲᠤᠰ ᠪᠢᠴᠢᠭ ᠮᠠᠲ᠋ᠧᠷᠢᠶᠠᠯ ᠢ ᠢᠯᠡ  ᠨᠡᠶᠢᠲᠡᠯᠡᠪᠡ︶ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ