ᠬᠡᠷᠬᠢᠨ ᠬᠦᠨᠳᠦ ᠡᠪᠡᠳᠴᠢᠨ ᠤ ᠳᠠᠭᠠᠳᠬᠠᠯ ᠢ ᠳᠠᠩᠰᠠ ᠠᠴᠠ ᠲᠠᠶᠢᠯᠬᠤ ᠪᠤᠢ︖
ᠨᠡᠶᠢᠲᠡᠯᠡᠭᠰᠡᠨ ᠴᠠᠭ᠄
2024/6/17
      ᠲᠦᠭ ᠲᠦᠮᠡᠨ ᠬᠡᠷ ᠪᠦᠯᠢ ᠶᠢ ᠬᠠᠪᠰᠤᠷᠤᠨ ᠡᠪᠡᠳᠴᠢᠨ ᠡᠮᠭᠡᠭ ᠤᠨ ᠡᠮᠴᠢᠯᠡᠭᠡᠨ ᠤ ᠰᠦᠢᠳᠭᠡᠯ  ᠤᠨ  ᠵᠠᠷᠤᠯᠭ᠎ᠠ ᠠᠴᠠ ᠪᠣᠯᠤᠭᠰᠠᠨ ᠠᠵᠤ ᠠᠬᠤᠶ ᠶᠢᠨ  ᠠᠶᠤᠯ  ᠲᠦᠭᠰᠢᠭᠦᠷᠢ ᠶᠢ  ᠠᠷᠭᠠᠴᠠᠬᠤ ᠶᠢᠨ  ᠲᠥᠯᠥᠭᠡ᠂  ᠤᠯᠤᠰ ᠠᠴᠠ  ᠦᠨᠳᠦᠰᠦᠨ  ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ  ᠡᠮᠨᠡᠯᠭᠡ ᠶᠢᠨ  ᠠᠪᠤᠷᠠᠨ  ᠲᠤᠰᠠᠯᠠᠯᠳᠠ  ᠭᠡᠬᠦ  ᠭᠤᠷᠪᠠᠨ ᠵᠦᠢᠯ ᠤᠨ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠤ ᠡᠮ ᠡᠮᠨᠡᠯᠭᠡ ᠶᠢᠨ ᠰᠦᠢᠳᠭᠡᠯ ᠤᠨ  ᠳᠠᠷᠤᠭᠠᠰᠤ ᠶᠢ  ᠱᠠᠲᠤ  ᠳᠠᠷᠠᠭᠠᠯᠠᠨ  ᠬᠥᠩᠭᠡᠷᠡᠭᠦᠯᠪᠡ᠃  ᠡᠭᠦᠨ ᠳᠤ᠂  ᠬᠤᠲᠠ  ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ  ᠳᠠᠭᠠᠳᠬᠠᠯ  ︵ᠳᠣᠷᠣᠭᠰᠢ  ︽ᠬᠦᠨᠳᠦ  ᠡᠪᠡᠳᠴᠢᠨ ᠤ  ᠳᠠᠭᠠᠳᠬᠠᠯ︾  ᠭᠡᠵᠦ ᠲᠣᠪᠴᠢᠯᠠᠨ᠎ᠠ︶ ᠪᠣᠯ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢᠨ ᠳᠡᠭᠡᠷ᠎ᠡ᠂ ᠬᠦᠨᠳᠦ  ᠡᠪᠡᠳᠴᠢᠲᠡᠨ ᠤ ᠶᠡᠭᠡ ᠲᠣᠭᠠᠨ ᠤ ᠡᠮ ᠡᠮᠨᠡᠯᠭᠡ ᠶᠢᠨ  ᠰᠦᠢᠳᠭᠡᠯ ᠤᠨ  ᠲᠦᠷᠢᠮ ᠤᠨ  ᠲᠣᠬᠢᠷᠠᠭᠤᠯᠤᠯᠲᠠ ᠶᠢ  ᠤᠯᠠᠮ  ᠴᠢᠨᠠᠬᠰᠢᠳᠠ  ᠪᠠᠲᠤᠯᠠᠬᠤ ᠪᠣᠯᠤᠨ᠎ᠠ᠃            ᠬᠦᠨᠳᠦ ᠡᠪᠡᠳᠴᠢᠨ ᠤ ᠳᠠᠭᠠᠳᠬᠠᠯ ᠢ ᠶᠠᠭᠠᠬᠢᠵᠦ ᠭᠤᠶᠤᠴᠢᠯᠠᠬᠤ ᠪᠣᠶ᠂  ᠪᠠᠰᠠ  ᠶᠠᠭᠠᠬᠢᠵᠦ  ᠰᠦᠢᠳᠭᠡᠯ  ᠲᠤᠰᠢᠶᠠᠬᠤ ᠪᠣᠶ︖              ᠲᠦᠷᠢᠮ ᠢ  ᠲᠤᠬᠳᠠᠭᠠᠬᠰᠠᠨ ᠠᠴᠠ  ᠡᠬᠢᠯᠡᠨ᠂  ᠬᠦᠨᠳᠦ  ᠡᠪᠡᠳᠴᠢᠨ ᠤ  ᠳᠠᠭᠠᠳᠬᠠᠯ ᠤᠨ  ᠲᠦᠷᠢᠮ ᠢ   ᠲᠤᠰᠠᠭᠠᠷ ᠭᠤᠶᠤᠴᠢᠯᠠᠨ ᠳᠠᠭᠠᠳᠬᠠᠯ ᠳᠤ  ᠣᠷᠣᠬᠤ  ᠴᠢᠬᠤᠯᠠ  ᠥᠬᠡᠶ  ᠪᠣᠯᠵᠣ᠂  ᠪᠣᠶ  ᠪᠥᠬᠦᠶ  ᠰᠦᠢᠳᠭᠡᠯ  ᠢ  ᠲᠤᠰᠢᠶᠠᠵᠦ  ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠣᠯᠠᠨ  ᠲᠦᠮᠡᠨ  ᠪᠤᠯ ᠴᠥᠮ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠰᠠᠨ ᠬᠦᠮᠦᠰ ᠪᠣᠯᠬᠤᠷ ᠲᠤᠰᠠᠭᠠᠷ ᠰᠦᠢᠳᠭᠡᠯ  ᠲᠤᠰᠢᠶᠠᠬᠤ  ᠴᠢᠬᠤᠯᠠ ᠥᠬᠡᠶ ᠪᠣᠯᠵᠠᠶ᠃ ᠬᠦᠨᠳᠦ ᠡᠪᠡᠳᠴᠢᠨ ᠤ ᠳᠠᠭᠠᠳᠬᠠᠯ ᠤᠨ  ᠳᠦᠷᠢᠮ ᠢ  2012  ᠣᠨ ᠳᠤ  ᠲᠤᠷᠰᠢᠯᠲᠠ  ᠬᠢᠬᠦ  ᠠᠵᠢᠯ   ᠢ ᠡᠭᠢᠯᠡᠬᠦᠯᠵᠦ᠂ 2015 ᠣᠨ ᠠᠴᠠ ᠡᠬᠢᠯᠡᠨ ᠪᠦᠬᠦ ᠲᠠᠯ᠎ᠠ ᠪᠠᠷ ᠬᠡᠷᠡᠭᠵᠢᠭᠦᠯᠵᠡᠢ᠃            ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠨᠢ ᠶᠠᠮᠠᠷᠰᠢᠦ ᠪᠤᠢ︖             ᠣᠳᠣᠬᠠᠨ ᠳᠤ᠂ ᠤᠯᠤᠰ ᠠᠴᠠ ᠲᠣᠭᠲᠠᠭᠠᠭᠰᠠᠨ  ᠬᠦᠨᠳᠦ  ᠡᠪᠡᠳᠴᠢᠨ ᠤ  ᠳᠠᠭᠠᠳᠬᠠᠯ ᠤᠨ  ᠡᠬᠢᠯᠡᠵᠦ  ᠲᠤᠰᠢᠶᠠᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠰᠠᠭᠤᠭᠠᠯᠢ ᠠᠷᠠᠳ ᠤᠨ ᠲᠦᠷᠦᠭᠦᠦ  ᠵᠢᠯ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50 % ᠠᠴᠠ ᠥᠨᠳᠥᠷ ᠪᠠᠶᠢᠯᠭᠠᠵᠤ ᠪᠣᠯᠬᠤ ᠥᠬᠡᠶ᠂ ᠲᠤᠰᠢᠶᠠᠬᠤ ᠬᠠᠷᠢᠴᠠᠯ ᠢ 60 % ᠠᠴᠠ ᠳᠤᠤᠷ᠎ᠠ ᠪᠠᠶᠢᠯᠭᠠᠵᠤ ᠪᠣᠯᠬᠤ ᠥᠬᠡᠶ︔ ᠰᠠᠭᠤᠭᠠᠯᠢ ᠠᠷᠠᠳ ᠤᠨ ᠡᠮ ᠡᠮᠨᠡᠯᠭᠡ ᠶᠢᠨ  ᠳᠠᠭᠠᠳᠬᠠᠯ ᠨᠢ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠤᠰᠢᠶᠠᠬᠤ  ᠬᠢᠵᠠᠭᠠᠷ  ᠲᠤᠭ᠎ᠠ ᠶᠢ  ᠳᠠᠪᠬᠤᠴᠠᠭᠤᠯᠤᠨ  ᠨᠡᠮᠡᠭᠳᠡᠭᠦᠯᠵᠦ᠂ ᠵᠠᠷᠴᠢᠮ  ᠳᠡᠭᠡᠷ᠎ᠡ ᠪᠠᠨ  ᠲᠤᠬᠠᠶ ᠶᠢᠨ  ᠭᠠᠵᠠᠷ ᠤᠨ  ᠰᠠᠭᠤᠭᠠᠯᠢ  ᠠᠷᠠᠳ ᠤᠨ  ᠬᠥᠮᠦᠨ  ᠳᠤᠮᠳᠠᠴᠢ ᠶᠢᠨ  ᠡᠵᠡᠮᠳᠡᠵᠦ  ᠪᠣᠯᠬᠤ ᠣᠷᠣᠯᠭ᠎ᠠ ᠶᠢᠨ 6 ᠳᠠᠬᠢᠨ  ᠣᠷᠴᠢᠮ  ᠬᠦᠷᠭᠡᠨ᠎ᠡ᠃  ᠬᠦᠴᠢᠷᠳᠡᠯᠲᠡᠶ  ᠬᠥᠮᠦᠰ ᠲᠤ  ᠴᠢᠭᠯᠡᠭᠦᠯᠦᠨ᠂  ᠤᠯᠤᠰ ᠠᠴᠠ  ᠬᠦᠨᠳᠦ ᠡᠪᠡᠳᠴᠢᠨ ᠤ  ᠳᠠᠭᠠᠳᠬᠠᠯ ᠤᠨ  ᠲᠠᠩᠰᠠ  ᠲᠠᠶᠢᠯᠬᠤ  ᠲᠥᠷᠥ ᠶᠢᠨ  ᠪᠣᠳᠣᠯᠭ᠎ᠠ ᠶᠢᠨ  ᠪᠠᠶᠢᠷᠢᠯᠠᠭᠤᠯᠤᠯᠲᠠ ᠶᠢ   ᠦᠷᠭᠦᠯᠵᠢᠯᠡᠨ ᠲᠡᠭᠦᠯᠳᠡᠷᠵᠢᠭᠦᠯᠵᠦ᠂ ᠲᠦᠢᠯ ᠤᠨ  ᠣᠨᠣᠪᠴᠢᠲᠠᠶ ᠪᠠᠷ  ᠬᠠᠷᠠᠭᠠᠯᠵᠠᠯ  ᠦᠵᠡᠭᠦᠯᠦᠨ᠎ᠡ᠃  ᠠᠮᠢᠳᠤᠷᠠᠯ ᠤᠨ  ᠨᠠᠭᠠᠳᠤ  ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ ᠪᠠ ᠳᠠᠬᠢᠨ ᠶᠠᠳᠠᠭᠤᠷᠠᠭᠰᠠᠨ ᠶᠠᠳᠠᠭᠤ ᠬᠥᠮᠦᠨ  ᠠᠮᠠ ᠶᠢᠨ  ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ 50% ᠪᠠᠷ ᠪᠠᠭᠤᠷᠠᠭᠤᠯᠵᠤ᠂ ᠲᠤᠰᠢᠶᠠᠬᠤ ᠬᠠᠷᠢᠴᠠᠯ ᠢ 5 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠬᠦ ᠶᠢᠨ ᠵᠡᠷᠭᠡᠪᠡᠷ ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ  ᠬᠦᠴᠦᠨ ᠥᠬᠡᠶ ᠪᠣᠯᠭᠠᠨ᠎ᠠ᠃              ᠬᠦᠨᠳᠦ ᠡᠪᠡᠳᠴᠢᠨ ᠤ ᠳᠠᠭᠠᠳᠬᠠᠯ ᠢ ᠬᠡᠷᠬᠢᠨ ᠲᠠᠰᠤᠯᠤᠨ ᠪᠣᠳᠣᠬᠤ ᠪᠤᠢ︖              ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ  ᠲᠣᠭᠲᠠᠭᠰᠠᠨ  ᠡᠮ  ᠡᠮᠨᠡᠯᠭᠡ ᠶᠢᠨ ᠪᠠᠶᠢᠭᠤᠯᠤᠮᠵᠢ ᠳᠤ ᠦᠵᠡᠬᠦᠯᠦᠭᠰᠡᠨ ᠡᠮ ᠡᠮᠨᠡᠯᠭᠡ ᠶᠢᠨ ᠰᠦᠢᠳᠭᠡᠯ ᠨᠢ ᠬᠦᠨᠳᠦ ᠡᠪᠡᠳᠴᠢᠨ ᠤ ᠳᠠᠭᠠᠳᠬᠠᠯ ᠤᠨ  ᠰᠦᠢᠳᠭᠡᠯ ᠤᠨ ᠬᠡᠰᠡᠭ ᠲᠤ ᠣᠷᠣᠭᠰᠠᠨ ᠪᠠᠶᠢᠪᠠᠯ᠂ ︽ᠨᠢᠭᠡ ᠥᠷᠲᠡᠭᠡ ᠮᠠᠶ᠋ᠢᠭ︾ ᠤᠨ ᠲᠠᠰᠤᠯᠤᠨ ᠪᠤᠳᠤᠬᠤ ᠶᠢ ᠪᠡᠶᠡᠯᠡᠭᠦᠯᠦᠭᠰᠡᠨ ᠭᠠᠵᠠᠷ ᠣᠷᠣᠨ ᠨᠢ ᠲᠡᠷᠡ ᠲᠠᠷᠤᠢ ᠳᠤᠨᠢ ᠲᠠᠰᠤᠯᠤᠨ ᠪᠤᠳᠤᠵᠦ ᠦᠭᠭᠦᠨ᠂ ᠬᠠᠮᠢᠶ᠎ᠠ ᠪᠥᠬᠦᠶ ᠣᠯᠭᠤᠮᠵᠢ ᠶᠢ  ᠠᠶᠠᠨᠳᠠᠭᠠᠨ  ᠬᠦᠷᠳᠡᠭᠦ  ᠪᠤᠯᠤᠨ᠎ᠠ᠂ ᠲᠤᠰᠬᠠᠶᠢᠯᠠᠨ ᠭᠤᠶᠤᠴᠢᠯᠠᠨ ᠮᠡᠳᠡᠭᠦᠯᠬᠦ ᠴᠢᠬᠤᠯᠠ ᠥᠬᠡᠶ᠃              ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠳᠤ ᠤᠷᠤᠯᠴᠠᠬᠰᠠᠨ ᠪᠤᠯ  ᠪᠠᠰᠠ ᠲᠤᠰᠠᠭᠠᠷ ᠢᠶᠠᠨ ᠬᠤᠳᠠᠯᠳᠤᠭᠠᠨ ᠤ ᠳᠠᠭᠠᠳᠬᠠᠯ ᠠᠪᠬᠤ ᠴᠢᠬᠤᠯᠠ ᠲᠠᠢ ᠦᠦ︖             ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ  ᠲᠤᠬᠳᠠᠭᠠᠬᠰᠠᠨ  ᠡᠬᠢᠨ ᠤ  ᠦᠶ᠎ᠡ ᠳᠤ᠂  ᠡᠮ  ᠡᠮᠨᠡᠯᠭᠡ  ᠶᠢᠨ ᠳᠠᠭᠠᠳᠬᠠᠯ ᠤᠨ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ ᠣᠷᠣᠯᠴᠠᠬᠤ ᠶᠢ  ᠢᠮᠠᠭᠲᠠ  ᠵᠣᠷᠢᠭᠵᠢᠭᠤᠯᠵᠤ᠂  ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠭᠠᠨ ᠡᠷᠭᠢᠯᠡᠬᠦ ᠶᠢ  ᠢᠳᠡᠪᠬᠢᠲᠡᠶ  ᠳᠡᠮᠵᠢᠵᠦ᠂  ᠡᠮ  ᠡᠮᠨᠡᠯᠭᠡ  ᠶᠢᠨ  ᠳᠠᠭᠠᠳᠬᠠᠯ ᠤᠨ ᠬᠤᠷᠰᠢᠶ᠎ᠠ ᠶᠢᠨ  ᠬᠤᠳᠠᠯᠳᠤᠭᠠᠴᠢᠨ  ᠬᠠᠮᠳᠤᠷᠠᠨ  ᠠᠵᠢᠯᠯᠠᠬᠤ   ᠰᠢᠨ᠎ᠡ   ᠵᠠᠭᠪᠤᠷ ᠢ   ᠰᠢᠨ᠎ᠡ ᠪᠠᠷ   ᠡᠭᠦᠳᠦᠨ   ᠪᠠᠶᠢᠭᠤᠯᠵᠤ ᠪᠦᠷᠢᠨᠰᠢᠭᠦᠯᠪᠡ᠃ ᠣᠳᠣᠬᠠᠨ ᠳᠤ᠂ 90 % ᠠᠴᠠ ᠳᠡᠭᠡᠭᠰᠢᠬᠢ ᠨᠢᠭᠡᠳᠦᠯᠲᠡᠶ ᠲᠥᠯᠥᠪᠯᠡᠬᠦ  ᠭᠠᠵᠠᠷ  ᠣᠷᠣᠨ  ᠨᠢ  ᠵᠠᠰᠠᠭ ᠤᠨ ᠣᠷᠳᠣᠨ ᠦᠢᠯᠡᠴᠢᠯᠡᠭᠡ ᠶᠢ ᠬᠤᠳᠠᠯᠳᠤᠨ  ᠠᠪᠬᠤ  ᠠᠷᠭ᠎ᠠ  ᠮᠠᠶ᠋ᠢᠭ ᠢᠶᠠᠷ  ᠳᠠᠮᠵᠢᠭᠤᠯᠤᠨ  ᠬᠤᠳᠠᠯᠳᠤᠭᠠᠨ ᠤ  ᠳᠠᠭᠠᠳᠬᠠᠯ ᠤᠨ ᠺᠣᠮᠫᠠᠨᠢ ᠳᠤ ᠨᠠᠶᠢᠳᠠᠵᠤ ᠬᠦᠨᠳᠦ ᠡᠪᠡᠳᠴᠢᠨ ᠤ ᠳᠠᠭᠠᠳᠬᠠᠯ ᠤᠨ  ᠲᠤᠬᠠᠶᠢᠯᠠᠭᠰᠠᠨ  ᠠᠵᠢᠯ ᠢ  ᠳᠠᠭᠠᠭᠠᠨ  ᠬᠢᠯᠭᠡᠵᠦ  ᠪᠠᠶᠢᠨ᠎ᠠ᠃ ᠦᠨᠳᠦᠰᠦᠨ ᠡᠮ  ᠡᠮᠨᠡᠯᠭᠡ ᠶᠢᠨ  ᠳᠠᠭᠠᠳᠬᠠᠯ  ᠪᠠ  ᠬᠦᠨᠳᠦ  ᠡᠪᠡᠳᠴᠢᠨ ᠤ  ᠳᠠᠭᠠᠳᠬᠠᠯ ᠠᠴᠠ  ᠭᠠᠳᠠᠨ᠎ᠠ᠂  ᠳᠠᠭᠠᠳᠬᠠᠯ ᠳᠤ ᠣᠷᠣᠯᠴᠠᠭᠰᠠᠳ ᠬᠤᠳᠠᠯᠳᠤᠭᠠᠨ ᠤ ᠳᠠᠭᠠᠳᠬᠠᠯ ᠨᠥᠬᠦᠪᠥᠷᠢᠯᠡᠬᠦ ᠴᠢᠬᠤᠯᠠᠲᠠᠶ ᠡᠰᠡᠬᠦ ᠶᠢ ᠬᠤᠪᠢ ᠬᠥᠮᠦᠨ ᠤ ᠬᠦᠰᠡᠯ ᠡᠷᠡᠮᠡᠯᠵᠡᠯ ᠪᠠ ᠳᠠᠭᠠᠭᠠᠬᠤ ᠴᠢᠳᠠᠪᠤᠷᠢ ᠠᠴᠠ ᠰᠢᠯᠳᠠᠭᠠᠯᠠᠬᠳᠠᠨ᠎ᠠ᠃
ᠢᠷᠡᠯᠲᠡ᠄ ᠠᠷᠠᠳ ᠤᠨ ᠰᠦᠯᠵᠢᠶ᠎ᠡ