ᠣᠶᠢᠷ᠎ᠠ ᠳᠤ᠂ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠪᠠᠶᠠᠨᠨᠠᠭᠤᠷ ᠬᠤᠲᠠ ᠶᠢᠨ ᠨᠢᠰᠬᠡᠯ ᠤᠨ ᠪᠠᠭᠤᠳᠠᠯ ᠤᠨ ᠴᠡᠪᠡᠷ | ᠠᠭᠠᠷ ᠵᠢᠴᠢ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠤ ᠬᠠᠮᠠᠭᠠᠯᠠᠯᠲᠠ ᠬᠠᠮᠢᠶᠠᠷᠤᠯᠲᠠ ᠶᠢᠨ ᠲᠣᠭᠲᠠᠭᠠᠯ︾ ︵ᠳᠣᠷᠣᠭᠰᠢ ︽ᠬᠠᠮᠢᠶᠠᠷᠤᠯᠲᠠ ᠶᠢᠨ ᠲᠣᠭᠲᠠᠭᠠᠯ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ︽ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ | ᠳᠣᠤᠷᠠᠬᠢ ᠮᠡᠲᠦ ᠲᠠᠶᠢᠯᠤᠮᠵᠢ ᠬᠢᠶ᠎ᠡ᠃ | ᠨᠢᠭᠡ᠂ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ | ᠨᠢᠰᠬᠡᠯ ᠤᠨ ᠪᠠᠭᠤᠳᠠᠯ ᠨᠢ ᠬᠤᠲᠠ ᠶᠢᠨ ᠫᠣᠷᠲ᠋ᠠᠯ ᠤᠨ ᠨᠢᠭᠡ ᠪᠣᠯᠤᠭᠰᠠᠨ ᠤ ᠬᠤᠪᠢ ᠳᠤ᠂ ᠲᠡᠭᠦᠨ ᠤ ᠠᠶᠤᠯ ᠥᠬᠡᠶ ᠡᠵᠡᠩᠨᠡᠯᠳᠡ ᠨᠢ ᠲᠣᠰ ᠭᠠᠵᠠᠷ | ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠠᠬᠢᠭᠤᠯᠬᠤ ᠦᠢᠯᠡᠳᠦᠯ ᠲᠠᠢ ᠶᠤᠮ᠃ ᠰᠠᠢᠨ ᠰᠠᠢᠬᠠᠨ ᠨᠢᠰᠬᠡᠯ ᠤᠨ ᠪᠠᠭᠤᠳᠠᠯ ᠤᠨ ᠴᠡᠪᠡᠷ ᠠᠭᠠᠷ | ᠪᠣᠯᠣᠨ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠪᠣᠯ ᠨᠢᠰᠬᠡᠯ ᠤᠨ ᠠᠮᠤᠷ ᠲᠥᠪᠰᠢᠨ ᠠᠵᠢᠯᠯᠠᠭᠠᠨ ᠢ ᠪᠠᠲᠤᠯᠠᠬᠤ ᠳᠤ ᠳᠤᠲᠠᠭᠳᠠᠵᠤ ᠪᠣᠯᠣᠰᠢ ᠦᠭᠡᠢ ᠰᠠᠭᠤᠷᠢ | ᠨᠥᠬᠦᠴᠡᠯ ᠮᠥᠨ᠃ ᠣᠶᠢᠷ᠎ᠠ ᠶᠢᠨ ᠵᠢᠯ ᠤᠳ ᠲᠤ᠂ ᠠᠵᠤ ᠠᠬᠤᠶ ᠨᠡᠶᠢᠭᠡᠮ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠪᠠᠶᠠᠨᠨᠠᠭᠤᠷ ᠤᠨ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠵᠡᠷᠭᠡ ᠨᠢᠰᠬᠡᠯ ᠤᠨ ᠪᠠᠭᠤᠳᠠᠯ ᠤᠨ ᠣᠶᠢᠷ᠎ᠠ ᠬᠠᠪᠢ ᠶᠢᠨ ᠬᠦᠷᠢᠶᠡᠯᠡᠩ ᠲᠣᠭᠤᠷᠢᠭ ᠤᠨ ᠬᠡᠪᠴᠢᠶ᠎ᠡ ᠲᠠᠰᠤᠷᠠᠯᠲᠠ ᠥᠬᠡᠶ | ᠥᠷᠭᠡᠳᠴᠦ᠂ ᠪᠠᠶᠠᠨᠨᠠᠭᠤᠷ ᠤᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠣᠷᠴᠢᠨ ᠲᠣᠭᠤᠷᠢᠨ ᠤ ᠬᠦᠴᠦᠨ ᠵᠦᠢᠯ ᠴᠦ ᠵᠣᠬᠢᠬᠤ ᠬᠡᠮᠵᠢᠶ᠎ᠡ ᠪᠠᠷ | ᠨᠥᠯᠥᠭᠡᠯᠡᠭᠳᠡᠪᠡ᠃ ᠪᠠᠰᠠ 2014 ᠣᠨ ᠳᠤ ᠬᠤᠲᠠ ᠶᠢᠨ ᠵᠠᠰᠠᠭ ᠤᠨ ᠣᠷᠳᠣᠨ ᠤ ᠨᠡᠶᠢᠲᠡᠯᠡᠭᠰᠡᠨ ︽ᠪᠠᠶᠠᠨᠨᠠᠭᠤᠷ ᠬᠤᠲᠠ ᠶᠢᠨ ᠠᠷᠠᠳ ᠤᠨ ᠬᠡᠷᠡᠭᠯᠡᠭᠡᠨ ᠤ | ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠠᠷᠭ᠎ᠠ︾ ᠨᠢ ᠨᠢᠭᠡᠨᠲᠡ ᠬᠦᠴᠦᠨ ᠲᠠᠢ ᠪᠣᠯᠪᠠ᠃ ᠪᠠᠶᠠᠨᠨᠠᠭᠤᠷ ᠤᠨ | ᠨᠢᠰᠬᠡᠯ ᠤᠨ ᠪᠠᠭᠤᠳᠠᠯ ᠤᠨ ᠴᠡᠪᠡᠷ ᠠᠭᠠᠷ ᠪᠠ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠤ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ | ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠴᠡᠪᠡᠷ ᠠᠭᠠᠷ ᠪᠠ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠢ ᠪᠣᠶ ᠪᠣᠯᠭᠠᠵᠤ᠂ | ᠠᠷᠠᠳ ᠤᠨ ᠠᠭᠠᠷ ᠤᠨ ᠲᠡᠭᠡᠭᠡᠪᠦᠷᠢ ᠶᠢᠨ ᠠᠵᠢᠯᠯᠠᠭᠠᠨ ᠤ ︽ᠬᠠᠷᠢᠴᠠᠯᠠᠰᠢ ᠥᠬᠡᠶ ᠠᠮᠤᠷ ᠲᠦᠪᠰᠢᠨ︾ ᠢ ᠪᠠᠲᠤᠯᠠᠬᠤ ᠶᠢᠨ ᠲᠥᠯᠥᠭᠡ᠂ ︽ᠬᠠᠮᠢᠶᠠᠷᠤᠯᠲᠠ ᠶᠢᠨ | ᠲᠣᠭᠲᠠᠭᠠᠯ︾ ᠢ ᠲᠣᠭᠲᠠᠭᠠᠵᠤ ᠨᠡᠶᠢᠲᠡᠯᠡᠬᠦ ᠨᠢ ᠲᠦᠢᠯ ᠤᠨ ᠴᠢᠬᠤᠯᠠ ᠶᠤᠮ᠃ | ᠬᠤᠶᠠᠷ᠂ ᠨᠡᠶᠢᠲᠡᠯᠡᠭᠰᠡᠨ ᠦᠨᠳᠦᠰᠦᠯᠡᠯ | ︽ᠬᠠᠮᠢᠶᠠᠷᠤᠯᠲᠠ ᠶᠢᠨ ᠲᠣᠭᠲᠠᠭᠠᠯ︾ ᠨᠢ ᠭᠤᠤᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ | ᠬᠠᠤᠯᠢ︾᠂ ︽ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠴᠡᠪᠡᠷ ᠠᠭᠠᠷ ᠤᠨ ᠬᠢᠨᠠᠨ ᠪᠠᠶᠢᠴᠠᠭᠠᠯᠲᠠ ᠶᠢᠨ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠠᠷᠭ᠎ᠠ︾᠂ ︽ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠴᠡᠪᠡᠷ | ᠠᠭᠠᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠤᠨ ᠪᠢᠴᠢᠭ | ᠮᠠᠲ᠋ᠧᠷᠢᠶᠠᠯ ᠢ ᠦᠨᠳᠦᠰᠦᠯᠡᠪᠡ᠃ | ᠭᠤᠷᠪᠠ᠂ ᠨᠡᠶᠢᠲᠡᠯᠡᠭᠰᠡᠨ ᠵᠣᠷᠢᠯᠭ᠎ᠠ | ︽ᠬᠠᠮᠢᠶᠠᠷᠤᠯᠲᠠ ᠶᠢᠨ ᠲᠣᠭᠲᠠᠭᠠᠯ︾ ᠢ ᠳᠠᠷᠤᠮᠠᠯᠯᠠᠨ ᠶᠠᠪᠤᠭᠤᠯᠬᠤ ᠶᠢᠨ ᠭᠤᠤᠯ ᠵᠣᠷᠢᠯᠭ᠎ᠠ ᠪᠣᠯ ᠪᠠᠶᠠᠨᠨᠠᠭᠤᠷ ᠤᠨ ᠨᠢᠰᠬᠡᠯ ᠤᠨ ᠪᠠᠭᠤᠳᠠᠯ ᠤᠨ ᠴᠡᠪᠡᠷ ᠠᠭᠠᠷ | ᠪᠠ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠢᠰᠬᠡᠯ ᠤᠨ ᠪᠠᠭᠤᠳᠠᠯ ᠤᠨ | ᠴᠡᠪᠡᠷ ᠠᠭᠠᠷ ᠪᠠ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠢ ᠡᠪᠳᠡᠬᠦ ᠠᠵᠢᠯᠯᠠᠭ᠎ᠠ ᠪᠠ ᠦᠵᠡᠭᠳᠡᠯ ᠢ ᠪᠠᠭᠠᠰᠬᠠᠵᠤ᠂ ᠴᠡᠪᠡᠷ ᠠᠭᠠᠷ ᠪᠠ ᠴᠠᠬᠢᠯᠭᠠᠨ ᠰᠣᠷᠢᠨᠵᠢᠨ | ᠣᠷᠴᠢᠨ ᠲᠣᠭᠤᠷᠢᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠠᠷᠠᠳ ᠤᠨ ᠬᠡᠷᠡᠭᠯᠡᠭᠡᠨ ᠤ ᠠᠭᠠᠷ ᠤᠨ ᠨᠢᠰᠦᠭᠦᠷ ᠤᠨ ᠠᠮᠤᠷ ᠲᠦᠪᠰᠢᠨ ᠢᠶᠠᠷ | ᠠᠵᠢᠯᠯᠠᠬᠤ ᠶᠢ ᠦᠨᠡᠨᠬᠦ ᠪᠠᠲᠤᠯᠠᠬᠤ ᠶᠢᠨ ᠲᠥᠯᠥᠭᠡ ᠶᠤᠮ᠃ | ᠳᠥᠷᠪᠡ᠂ ᠬᠡᠷᠡᠭᠯᠡᠬᠦ ᠬᠡᠪᠴᠢᠶ᠎ᠡ | ︽ᠬᠠᠮᠢᠶᠠᠷᠤᠯᠲᠠ ᠶᠢᠨ ᠲᠣᠭᠲᠠᠭᠠᠯ︾ ᠨᠢ ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠠᠶᠠᠨᠨᠠᠭᠤᠷ ᠤᠨ ᠨᠢᠰᠬᠡᠯ ᠤᠨ | ᠪᠠᠭᠤᠳᠠᠯ ᠤᠨ ᠴᠡᠪᠡᠷ ᠠᠭᠠᠷ ᠵᠢᠴᠢ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠤ ᠬᠠᠮᠠᠭᠠᠯᠠᠯᠲᠠ ᠵᠢᠴᠢ ᠬᠠᠮᠢᠶ᠎ᠠ ᠪᠥᠬᠦᠶ ᠠᠵᠢᠯᠯᠠᠭ᠎ᠠ ᠳᠤ ᠬᠡᠷᠡᠭᠯᠡᠭᠳᠡᠨ᠎ᠡ᠃ | ᠲᠠᠪᠤ᠂ ᠶᠡᠷᠦᠩᠬᠡᠶ ᠪᠣᠷᠣ ᠲᠥᠯᠥᠪ ᠵᠢᠴᠢ ᠭᠤᠤᠯ ᠠᠭᠤᠯᠭ᠎ᠠ | ︽ᠬᠠᠮᠢᠶᠠᠷᠤᠯᠲᠠ ᠶᠢᠨ ᠲᠣᠭᠲᠠᠭᠠᠯ ︵ᠶᠠᠷᠢᠯᠴᠠᠬᠤ ᠨᠣᠣᠷᠠᠭ︶︾ ᠨᠢ ᠨᠡᠶᠢᠲᠡ 4 ᠪᠦᠯᠦᠭ᠄ | ᠨᠢᠭᠡᠳᠦᠭᠡᠷ ᠪᠦᠯᠦᠭ᠂ ᠶᠡᠷᠦᠩᠬᠡᠶ ᠳᠦᠷᠢᠮ᠃ ︽ᠬᠠᠮᠢᠶᠠᠷᠤᠯᠲᠠ ᠶᠢᠨ ᠲᠣᠭᠲᠠᠭᠠᠯ︾ ᠤᠨ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ ᠵᠣᠬᠢᠶᠠᠬᠤ | ᠦᠨᠳᠦᠰᠦᠯᠡᠯ᠂ ᠬᠡᠷᠡᠭᠯᠡᠬᠦ ᠬᠡᠪᠴᠢᠶ᠎ᠡ ᠵᠢᠴᠢ ᠨᠡᠷ᠎ᠡ ᠲᠣᠮᠢᠶ᠎ᠠ ᠶᠢᠨ ᠲᠠᠶᠢᠯᠪᠤᠷᠢᠯᠠᠯᠲᠠ ᠶᠢ ᠲᠣᠳᠣᠷᠬᠠᠶᠢᠯᠠᠪᠠ᠃ | ᠬᠤᠶᠠᠳᠤᠭᠠᠷ ᠪᠦᠯᠦᠭ ᠣᠩᠭᠤᠴᠠᠨ ᠪᠠᠭᠤᠳᠠᠯ ᠤᠨ ᠴᠡᠪᠡᠷ ᠠᠭᠠᠷ ᠪᠣᠯᠤᠨ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠤ ᠬᠠᠮᠠᠭᠠᠯᠠᠯᠲᠠ᠃ ᠳᠡᠭᠡᠳᠦ | ᠪᠠᠶᠢᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠤᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠨᠢᠰᠬᠡᠯ ᠤᠨ ᠪᠠᠭᠤᠳᠠᠯ ᠤᠨ ᠴᠡᠪᠡᠷ ᠠᠭᠠᠷ | ᠵᠢᠴᠢ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠳᠠᠲᠠᠶ ᠱᠠᠭᠠᠷᠳᠠᠯᠭ᠎ᠠ ᠶᠢ ᠲᠣᠳᠣᠷᠬᠠᠶᠢᠯᠠᠪᠠ᠃ | ᠭᠤᠷᠪᠠᠳᠤᠭᠠᠷ ᠪᠦᠯᠦᠭ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠃ ᠡᠯ᠎ᠡ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠤᠨ | ᠲᠣᠳᠣᠷᠬᠠᠶᠢᠯᠠᠵᠤ᠃ | ᠳᠥᠷᠪᠡᠳᠦᠭᠡᠷ ᠪᠦᠯᠦᠭ᠂ ᠳᠠᠭᠠᠯᠳᠤᠭᠤᠯᠤᠯ ᠳᠦᠷᠢᠮ᠃ ︽ᠬᠠᠮᠢᠶᠠᠷᠤᠯᠲᠠ ᠶᠢᠨ ᠲᠣᠭᠲᠠᠭᠠᠯ︾ ᠢ ᠬᠡᠷᠡᠭᠵᠢᠭᠦᠯᠬᠦ ᠴᠠᠭ ᠢ ᠲᠣᠳᠣᠷᠬᠠᠶᠢᠯᠠᠵᠠᠢ᠃ | ᠵᠢᠷᠭᠤᠭ᠎ᠠ᠂ ᠪᠢᠴᠢᠭ ᠮᠠᠲ᠋ᠧᠷᠢᠶᠠᠯ ᠶᠠᠪᠤᠭᠤᠯᠬᠤ ᠬᠡᠯᠪᠡᠷᠢ ᠪᠠ ᠢᠯᠡ ᠪᠣᠯᠭᠠᠬᠤ ᠠᠷᠭ᠎ᠠ ᠮᠠᠶ᠋ᠢᠭ | ︽ᠬᠠᠮᠢᠶᠠᠷᠤᠯᠲᠠ ᠶᠢᠨ ᠲᠣᠭᠲᠠᠭᠠᠯ︾ ᠨᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ᠃ | | | ᠬᠠᠮᠢᠶ᠎ᠠ ᠪᠥᠬᠦᠶ ᠪᠢᠴᠢᠭ ᠮᠠᠲ᠋ᠧᠷᠢᠶᠠᠯ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠠᠶᠠᠨᠨᠠᠭᠤᠷ ᠤᠨ ᠨᠢᠰᠬᠡᠯ ᠤᠨ | ᠪᠠᠭᠤᠳᠠᠯ ᠤᠨ ᠴᠡᠪᠡᠷ ᠠᠭᠠᠷ ᠵᠢᠴᠢ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠣᠭᠲᠠᠭᠠᠯ ᠢ ᠳᠠᠷᠤᠮᠠᠯᠯᠠᠨ ᠶᠠᠪᠤᠭᠤᠯᠬᠤ | ᠲᠤᠬᠠᠶ ᠮᠡᠳᠡᠭᠳᠡᠯ | |