ᠡᠦ ᠶᠣᠣ ᠯᠢᠨ ᠦᠵᠦᠬᠦᠷ ᠭᠤᠤᠯ ᠪᠠᠯᠭᠠᠰᠤᠨ ᠳᠤ ᠬᠦᠨᠵᠡᠬᠡᠶᠢᠷᠡᠨ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/6/21
      6 ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠢᠨ ᠵᠢᠱᠢᠭᠳᠡᠭᠴᠢ ᠪᠠᠷ ᠨᠡᠷ᠎ᠡ ᠳᠤᠷᠠᠳᠤᠭᠳᠠᠭᠴᠢ ᠦ᠋ ᠶᠣᠣ ᠯᠢᠨ ᠳᠠᠭᠠᠭᠠᠴᠢᠯᠠᠨ ᠬᠠᠷᠢᠯᠴᠠᠬᠤ ᠴᠡᠭ ᠪᠣᠯᠬᠤ ᠦᠵᠦᠬᠦᠷ ᠭᠤᠤᠯ ᠪᠠᠯᠭᠠᠰᠤᠨ  ᠤ ᠯᠢᠶᠠᠨ ᠹᠧᠩ ᠹᠧᠨ ᠳ᠋ᠧᠦ ᠲᠣᠰᠬᠤᠨ ᠳᠤ ᠭᠦᠨᠵᠡᠭᠡᠶᠢᠷᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠲᠣᠰᠬᠤᠨ ᠤ ᠨᠠᠮ ᠤᠨ ᠡᠭᠦᠷ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ ᠥᠷᠨᠢᠭᠦᠯᠬᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ ᠢᠯᠵᠠᠷᠠᠯ ᠢ ᠡᠰᠡᠷᠭᠦᠴᠡᠬᠦ ᠠᠵᠢᠯ ᠢ ᠦᠨᠳᠦᠰᠦᠨ ᠱᠠᠳᠤ ᠲᠡᠶᠢᠰᠢ ᠤᠷᠲᠤᠳᠬᠠᠬᠤ ᠲᠤᠬᠠᠢ ᠱᠠᠭᠠᠷᠳᠠᠯᠭ᠎ᠠ ᠳᠤᠷᠠᠳᠪᠠ᠃ ᠲᠡᠷᠡ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠤᠬᠠᠶᠢᠯᠠᠭᠰᠠᠨ ᠠᠵᠢᠯ᠂ ᠭᠤᠣᠯᠳᠠᠯᠭ᠎ᠠ ᠲᠠᠢ ᠡᠭᠦᠷᠭᠡ ᠲᠠᠢ ᠤᠶᠠᠯᠳᠤᠭᠤᠯᠵᠤ᠂ ᠲᠠᠶᠢᠴᠢᠨ ᠪᠠᠬᠢᠯᠡᠯᠲᠡ ᠶᠢ ᠪᠠᠶᠢᠭᠤᠯᠤᠨ ᠬᠦᠴᠦᠷᠬᠡᠭᠵᠢᠭᠦᠯᠬᠦ᠂ ᠴᠠᠭᠠᠷᠠᠭᠰᠠᠨ ᠡᠩᠨᠡᠭᠡ ᠶᠢ ᠪᠠᠶᠢᠭᠤᠯᠬᠤ ᠲᠠᠢ ᠤᠶᠠᠯᠳᠤᠭᠤᠯᠵᠤ᠂ ᠤᠨᠴᠠᠯᠢᠬᠳᠤ ᠠᠵᠤ ᠦᠢᠯᠡᠰ ᠢ ᠬᠥᠭᠵᠢᠭᠦᠯᠬᠦ᠂ ᠤᠰᠤ ᠠᠷᠪᠢᠯᠠᠬᠤ ᠤᠰᠤ ᠶᠢ ᠡᠵᠡᠮᠳᠡᠬᠦ ᠵᠡᠷᠭᠡ ᠡᠯ᠎ᠡ ᠵᠦᠢᠯ ᠤᠨ ᠠᠵᠢᠯ ᠲᠠᠢ ᠤᠶᠠᠯᠳᠤᠭᠤᠯᠤᠨ᠂ ᠥᠪᠡᠷ ᠢ ᠪᠠᠨ᠂ ᠠᠵᠢᠯ ᠢᠶᠠᠨ᠂ ᠲᠤᠰᠢᠶᠠᠯ ᠬᠠᠷᠢᠭᠤᠴᠠᠯᠭ᠎ᠠ ᠪᠠᠨ ᠠᠵᠢᠯ ᠤᠨ ᠭᠤᠤᠯᠳᠠᠯᠭ᠎ᠠ ᠳᠤ ᠪᠠᠭᠲᠠᠭᠠᠵᠤ᠂ ᠬᠤᠶᠠᠷ ᠲᠠᠯ᠎ᠠ ᠪᠠᠷ ᠠᠳᠬᠤᠬᠤ᠂ ᠬᠤᠶᠠᠷ ᠢ ᠠᠬᠢᠭᠤᠯᠬᠤ ᠶᠢ ᠪᠠᠷᠢᠮᠲᠠᠯᠠᠨ᠂ ᠨᠠᠮ ᠤᠨ ᠡᠭᠦᠷ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠢᠳᠡᠪᠬᠢᠲᠡᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ