ᠤᠷᠠᠳ ᠤᠨ ᠳᠤᠮᠳᠠᠳᠤ ᠬᠤᠰᠢᠭᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠪᠤᠢ
ᠨᠡᠶᠢᠲᠡᠯᠡᠭᠰᠡᠨ ᠴᠠᠭ᠄
2024/6/21
      ᠣᠶᠢᠷ᠎ᠠ ᠳᠤ᠂ ᠤᠷᠠᠳ ᠤᠨ ᠳᠤᠮᠳᠠᠳᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠬᠢᠨᠠᠨ ᠪᠤᠳᠤᠬᠤ ᠲᠥᠷᠥᠯ  ᠵᠦᠢᠯ ᠳᠤ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠨᠥᠬᠦᠪᠥᠷᠢ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ  ᠶᠢᠨ ᠪᠠᠶᠢᠳᠠᠯ ᠢ ᠭᠤᠤᠯᠳᠠᠯᠭ᠎ᠠ ᠲᠠᠢ ᠬᠢᠨᠠᠨ ᠪᠤᠳᠤᠵᠤ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠪᠤᠢ᠃       ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠤᠳᠤᠯᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠠᠴᠠ ᠡᠮᠦᠨᠡᠬᠢ ᠪᠡᠯᠡᠳᠬᠡᠯ ᠢ ᠪᠣᠳᠠᠲᠠᠶ ᠬᠢᠵᠦ ᠪᠤᠢ᠃ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠨᠥᠬᠦᠪᠥᠷᠢ ᠮᠥᠩᠭᠦ ᠶᠢᠨ ᠬᠢᠨᠠᠨ ᠪᠤᠳᠤᠬᠤ ᠬᠡᠪᠴᠢᠶ᠎ᠡ ᠪᠠ ᠭᠤᠤᠯᠳᠠᠯᠭ᠎ᠠ ᠶᠢ ᠲᠣᠳᠣᠷᠬᠠᠶᠢᠯᠠᠬᠤ ᠶᠢᠨ ᠲᠥᠯᠥᠭᠡ᠂ ᠬᠢᠨᠠᠨ ᠪᠤᠳᠤᠬᠤ ᠠᠴᠠ ᠡᠮᠦᠨ᠎ᠡ᠂ ᠬᠢᠨᠠᠨ ᠪᠤᠳᠤᠬᠤ ᠠᠵᠢᠯᠲᠠᠳ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠲᠤᠬᠠᠶ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠵᠢᠴᠢ ︽ᠤᠷᠠᠳ ᠤᠨ ᠳᠤᠮᠳᠠᠳᠤ ᠬᠤᠰᠢᠭᠤᠨ ᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠨᠥᠬᠦᠪᠥᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾  ᠶᠢ ᠭᠦᠨᠵᠡᠭᠡᠶ ᠰᠤᠳᠤᠯᠵᠦ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠡᠮᠬᠢᠯᠡᠨ ᠳᠢᠭᠯᠡᠵᠦ᠂ ᠲᠣᠰ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠦᠨᠳᠦᠰᠦᠨ ᠣᠯᠠᠨ ᠨᠡᠶᠢᠲᠡ ᠶᠢᠨ  ᠦᠢᠯᠡᠴᠢᠯᠡᠭᠡᠨ ᠤ ᠨᠥᠬᠦᠪᠥᠷᠢ ᠮᠥᠩᠭᠦ ᠶᠢᠨ ᠬᠠᠮᠢᠶᠠᠷᠴᠤ ᠬᠡᠷᠡᠭᠯᠡᠬᠦ ᠱᠠᠭᠠᠷᠳᠠᠯᠭ᠎ᠠ ᠶᠢ  ᠭᠦᠢᠴᠡᠳ ᠣᠶᠢᠯᠠᠭᠠᠵᠤ᠂ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠠᠮᠢᠶ᠎ᠠ ᠪᠥᠬᠦᠶ ᠠᠵᠢᠯ ᠥᠷᠨᠢᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ ᠬᠢᠨᠠᠨ ᠪᠤᠳᠤᠬᠤ ᠬᠡᠪᠴᠢᠶ᠎ᠡ ᠪᠠ ᠭᠤᠤᠯᠳᠠᠯᠭ᠎ᠠ ᠶᠢ ᠲᠣᠭᠲᠠᠭᠠᠵᠤ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠨᠥᠬᠦᠪᠥᠷᠢ ᠮᠥᠩᠭᠦ ᠶᠢᠨ ᠬᠢᠨᠠᠨ ᠪᠤᠳᠤᠬᠤ ᠠᠵᠢᠯ ᠢ ᠥᠨᠳᠥᠷ ᠪᠦᠲᠦᠮᠵᠢᠲᠡᠶ ᠥᠷᠨᠢᠭᠦᠯᠬᠦ ᠳᠤ ᠰᠠᠭᠤᠷᠢ ᠶᠢ ᠪᠠᠲᠤᠳᠬᠠᠪᠠ᠃       ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ ᠶᠢᠨ ᠰᠤᠳᠤᠯᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠤᠳᠤᠬᠤ ᠳᠤᠮᠳᠠᠬᠢ ᠬᠠᠮᠢᠶᠠᠷᠤᠯᠲᠠ ᠶᠢ ᠨᠠᠷᠢᠯᠢᠭ ᠬᠢᠵᠦ ᠪᠤᠢ᠃ ᠬᠢᠨᠠᠨ ᠪᠤᠳᠤᠬᠤ ᠠᠴᠠ ᠡᠮᠦᠨ᠎ᠡ ᠪᠠᠶᠢᠴᠠᠭᠠᠨ ᠣᠶᠢᠯᠠᠭᠠᠭᠰᠠᠨ ᠰᠠᠭᠤᠷᠢᠨ ᠳᠡᠭᠡᠷ᠎ᠡ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠲᠤᠰᠠᠯᠠᠮᠵᠢ ᠶᠢᠨ ᠮᠥᠩᠭᠦ ᠶᠢᠨ ᠣᠷᠣᠯᠭ᠎ᠠ ᠵᠠᠷᠤᠯᠭ᠎ᠠ ᠵᠢᠴᠢ ᠦᠯᠡᠳᠡᠪᠦᠷᠢ ᠶᠢᠨ ᠪᠠᠶᠢᠳᠠᠯ ᠢ ᠡᠮᠬᠢᠯᠡᠨ ᠢᠯᠭᠠᠷᠠᠭᠤᠯᠵᠤ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠲᠤᠰᠠᠯᠠᠮᠵᠢ ᠶᠢᠨ ᠮᠥᠩᠭᠦ ᠶᠢ ᠨᠠᠶᠢᠳᠠᠪᠤᠷᠢᠵᠢᠭᠤᠯᠤᠭᠰᠠᠨ ᠪᠠ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠭᠤᠤᠯᠳᠠᠯᠭ᠎ᠠ ᠲᠠᠢ ᠠᠩᠬᠠᠷᠤᠨ᠂ ᠲᠤᠰᠠᠯᠠᠮᠵᠢ ᠶᠢᠨ ᠮᠥᠩᠭᠦ ᠶᠢ ᠰᠠᠯᠭᠠᠨ ᠥᠭᠬᠦ ᠴᠠᠭ ᠬᠤᠭᠤᠴᠠᠭ᠎ᠠ᠂ ᠬᠡᠷᠡᠭᠯᠡᠬᠦ ᠬᠡᠪᠴᠢᠶ᠎ᠡ᠂ ᠠᠮᠵᠢᠯᠲᠠ ᠪᠦᠲᠦᠮᠵᠢ ᠶᠢᠨ ᠦᠨᠡᠯᠡᠯᠲᠡ ᠶᠢ ᠬᠢᠨᠠᠨ ᠬᠠᠷᠭᠤᠭᠤᠯᠬᠤ ᠪᠠᠷ ᠠᠵᠢᠯ ᠤᠨ ᠭᠠᠷᠳᠠᠨ ᠬᠢᠬᠦ ᠴᠡᠭ  ᠪᠣᠯᠭᠠᠵᠤ᠂ ᠲᠤᠰᠠᠯᠠᠮᠵᠢ ᠶᠢᠨ ᠮᠥᠩᠭᠦ ᠶᠢ ᠰᠠᠯᠭᠠᠨ ᠥᠭᠬᠦ ᠶᠢ ᠴᠠᠭ ᠲᠤᠬᠠᠶ ᠳᠤᠨᠢ ᠪᠣᠳᠠᠲᠠᠶᠢᠵᠢᠭᠤᠯᠤᠭᠰᠠᠨ ᠡᠰᠡᠬᠦ᠂ ᠬᠡᠷᠡᠭᠯᠡᠭᠰᠡᠨ ᠨᠢ ᠵᠢᠷᠤᠮᠵᠢᠯ ᠲᠠᠢ ᠡᠰᠡᠬᠦ᠂ ᠲᠤᠰᠠᠯᠠᠮᠵᠢ ᠶᠢᠨ ᠮᠥᠩᠭᠦ ᠶᠢ ᠰᠢᠬᠠᠨ ᠡᠵᠡᠯᠡᠵᠦ ᠨᠡᠭᠦᠯᠭᠡᠨ ᠬᠡᠷᠡᠭᠯᠡᠭᠰᠡᠨ ᠡᠰᠡᠬᠦ᠂ ᠣᠨ ᠤ ᠠᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠡᠰᠡᠬᠦ ᠵᠡᠷᠭᠡ ᠪᠠᠶᠢᠳᠠᠯ ᠢ ᠪᠦᠬᠦ ᠲᠠᠯ᠎ᠠ ᠪᠠᠷ ᠬᠢᠨᠠᠨ ᠪᠠᠶᠢᠴᠠᠭᠠᠵᠤ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ  ᠤᠨ ᠦᠢᠯᠡᠴᠢᠯᠡᠭᠡᠨ ᠤ ᠲᠤᠰᠠᠯᠠᠮᠵᠢ ᠶᠢᠨ ᠮᠥᠩᠭᠦ ᠶᠢ ᠭᠦᠢᠴᠡᠳ ᠨᠠᠶᠢᠳᠠᠪᠤᠷᠢᠵᠢᠭᠤᠯᠤᠨ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠦᠷᠲᠡᠭᠡᠪᠡᠰᠦ ᠵᠣᠬᠢᠬᠤ ᠪᠦᠬᠦᠨ ᠢ ᠡᠳ᠋ᠯᠡᠬᠦᠯᠬᠦ ᠶᠢ ᠦᠨᠡᠨᠬᠦ ᠪᠠᠲᠤᠯᠠᠵᠦ ᠪᠤᠢ᠃       ᠬᠢᠨᠠᠨ ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠬᠤ ᠰᠤᠳᠤᠯᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠤᠳᠤᠭᠰᠠᠨ ᠤ ᠳᠠᠷᠠᠭ᠎ᠠ ᠳ᠋ᠦᠩᠨᠠᠨ ᠬᠤᠷᠢᠶᠠᠩᠭᠤᠶᠢᠯᠠᠬᠤ ᠶᠢ ᠴᠢᠬᠤᠯᠠᠴᠢᠯᠠᠵᠦ ᠪᠤᠢ᠃ ᠬᠢᠨᠠᠨ ᠪᠣᠳᠣᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠬᠢᠨᠠᠨ ᠪᠣᠳᠣᠯᠲᠠ ᠬᠢᠯᠭᠡᠭᠰᠡᠨ ᠨᠢᠭᠡᠴᠢ ᠯᠦᠭᠡ ᠴᠠᠭ ᠲᠤᠬᠠᠶ ᠳᠤᠨᠢ ᠬᠠᠷᠢᠯᠴᠠᠵᠦ᠂ ᠬᠢᠨᠠᠨ ᠪᠣᠳᠣᠯᠲᠠ ᠬᠢᠯᠭᠡᠭᠰᠡᠨ ᠨᠢᠭᠡᠴᠢ ᠶᠢ ᠰᠢᠮᠳᠠᠭᠤᠯᠵᠤ ᠪᠠᠶᠢᠭᠠᠳ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ︽ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠳᠦᠷᠢᠮ︾ ᠵᠡᠷᠭᠡ ᠶᠢ ᠲᠣᠭᠲᠠᠭᠠᠨ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠤᠳᠤᠷᠢᠳᠬᠤ ᠳᠤᠭᠤᠶᠢᠯᠠᠩ ᠵᠡᠷᠭᠡ ᠶᠢ ᠪᠠᠶᠢᠭᠤᠯᠵᠤ᠂ ᠬᠠᠷᠢᠭᠤᠴᠠᠯᠭ᠎ᠠ ᠶᠢ ᠬᠥᠮᠦᠨ ᠳᠤᠨᠢ ᠬᠦᠷᠲᠡᠯ᠎ᠡ ᠨᠠᠶᠢᠳᠠᠪᠤᠷᠢᠵᠢᠭᠤᠯᠤᠨ᠂ ᠲᠣᠭᠲᠠᠭᠠᠭᠰᠠᠨ ᠬᠤᠭᠤᠴᠠᠭ᠎ᠠ ᠬᠢᠵᠠᠭᠠᠷ ᠤᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃ ᠡᠭᠦᠨ ᠤ ᠬᠠᠮᠲᠤ᠂ ᠲᠣᠰ ᠤᠳᠠᠭᠠᠨ ᠤ ᠬᠢᠨᠠᠨ ᠪᠤᠳᠤᠯᠲᠠ ᠶᠢᠨ ᠲᠤᠷᠰᠢᠯᠭ᠎ᠠ ᠦᠷ᠎ᠡ ᠪᠦᠲᠦᠭᠡᠯ ᠢ ᠡᠮᠬᠢᠯᠡᠨ ᠬᠤᠷᠢᠶᠠᠩᠭᠤᠶᠢᠯᠠᠵᠤ᠂ ᠰᠠᠶᠢᠳᠤᠷ ᠳ᠋ᠦᠩᠨᠡᠨ᠂ ᠬᠢᠨᠠᠨ ᠪᠤᠳᠤᠯᠲᠠ ᠶᠢᠨ ᠦᠷ᠎ᠡ ᠪᠦᠲᠦᠭᠡᠯ ᠤᠨ ᠥᠷᠲᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠪᠤᠢ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ