ᠤᠷᠠᠳ ᠤᠨ ᠳᠤᠮᠳᠠᠳᠤ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠤᠷᠤᠯᠴᠠᠯᠭ᠎ᠠ ᠰᠤᠳᠤᠯᠭᠠᠨ ᠤ ᠭᠠᠵᠠᠷ ᠲᠤᠰᠬᠠᠢ ᠰᠡᠳᠦᠪᠲᠦ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/6/21
      6 ᠰᠠᠷ᠎ᠠ ᠶᠢᠨ 18 ᠤ ᠡᠳᠦᠷ᠂ ᠤᠷᠠᠳ ᠤᠨ ᠳᠤᠮᠳᠠᠳᠤ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠤᠷᠤᠯᠴᠠᠯᠭ᠎ᠠ ᠰᠤᠳᠤᠯᠭᠠᠨ ᠤ ᠭᠠᠵᠠᠷ ᠵᠠᠰᠠᠭ ᠤᠨ ᠶᠠᠪᠤᠳᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠢ ᠰᠡᠳᠦᠪᠲᠦ ᠪᠣᠯᠪᠠᠰᠤᠷᠠᠯ ᠢ ᠥᠷᠨᠢᠭᠦᠯᠪᠡ᠃ ᠪᠤᠯᠪᠠᠰᠤᠷᠠᠯ ᠳᠤ ᠪᠥᠬᠦ ᠤᠯᠤᠰ ᠤᠨ ︽ᠨᠢᠭᠡ ᠴᠤᠩᠬᠤᠪᠴᠢ ᠪᠠᠷ ᠬᠦᠢᠴᠡᠳᠭᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠠᠩᠬ᠎ᠠ ᠲᠦᠯᠦᠪᠯᠡᠨ ᠡᠬᠦᠳᠴᠤ ᠦᠢᠯᠡᠳᠦᠯᠭᠡ ᠳᠤ ᠤᠷᠤᠭᠤᠯᠤᠭᠰᠠᠨ ᠮᠡᠷᠭᠡᠵᠢᠯᠳᠡᠨ ᠪᠤᠯᠬᠤ᠂ ᠳᠤᠮᠳᠠᠳᠤ ᠤᠯᠤᠰ ᠤᠨ ᠮᠡᠳᠡᠭᠡ ᠵᠠᠩᠭᠢ ᠶᠢᠨ ᠨᠡᠶᠢᠭᠡᠮᠯᠢᠭ ᠤᠨ ᠮᠡᠳᠡᠭᠡ ᠵᠠᠩᠭᠢ ᠪᠠᠷ ᠠᠷᠠᠳ ᠲᠤ ᠠᠰᠢᠭ ᠬᠦᠷᠲᠡᠭᠡᠬᠦ ᠲᠤᠰᠬᠠᠢ ᠮᠡᠷᠭᠡᠵᠢᠯᠲᠡᠨ ᠤ ᠵᠥᠪᠯᠡᠯ ᠤᠨ ᠭᠡᠰᠢᠭᠦᠨ ᠯᠢᠦ ᠶᠦᠨ ᠴᠢᠶᠠᠩ ᠫᠷᠤᠹᠧᠰᠰᠤᠷ ᠢ ᠤᠷᠢᠵᠤ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃        ᠯᠢᠦ ᠶᠦᠨ ᠴᠢᠶᠠᠩ᠂ ᠲᠥᠷᠥ ᠶᠢᠨ ᠶᠠᠪᠤᠳᠠᠯ ᠤᠨ ᠬᠤᠷᠢᠶᠠᠨ ᠤ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠦᠮᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠢ ᠵᠢᠯᠤᠭᠤᠳᠬᠤ ᠰᠠᠨᠠᠯ︾᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠲᠣᠮᠢᠶᠠᠯᠠᠯ ᠵᠢᠴᠢ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠣᠨᠣᠯ ᠤᠨ ᠲᠠᠨᠢᠯᠲᠠ᠂ ᠪᠦᠬᠦ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠳᠣᠬᠢ ᠪᠠᠶᠢᠳᠠᠯ ᠤᠨ ᠣᠨᠴᠠᠯᠢᠭ ᠵᠢᠴᠢ ᠤᠯᠠᠮᠵᠢᠯᠠᠯᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠰᠠᠭᠤᠳᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠠᠷᠭ᠎ᠠ ᠪᠣᠳᠣᠯᠭ᠎ᠠ ᠵᠢᠴᠢ ᠬᠥᠭᠵᠢᠯᠲᠡ ᠶᠢᠨ ᠦᠷ᠎ᠡ ᠪᠦᠲᠦᠮᠵᠢ ᠵᠡᠷᠭᠡ ᠠᠭᠤᠯᠭ᠎ᠠ ᠶᠢᠨ ᠲᠣᠭᠤᠷᠢᠨ ᠳᠤ᠂ ᠲᠣᠰ ᠪᠡᠶ᠎ᠡ ᠶᠢᠨ ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠤᠨ᠂ ᠶᠡᠭᠡ ᠬᠡᠮᠵᠢᠶᠡᠨ ᠤ ᠬᠡᠷᠡᠭ ᠤᠨ ᠵᠢᠱᠢᠶ᠎ᠡ ᠪᠠ ᠲᠤᠭ᠎ᠠ ᠪᠠᠷᠢᠮᠲᠠ ᠶᠢ ᠬᠡᠷᠡᠭᠯᠡᠨ᠂ ᠪᠠᠶᠢᠳᠠᠯ ᠢ ᠵᠠᠳᠠᠯᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠳᠤ ᠲᠠᠶᠢᠯᠤᠮᠵᠢ ᠬᠢᠵᠦ᠂ ᠪᠡᠶᠡᠯᠡᠭᠦᠯᠬᠦ ᠠᠷᠭ᠎ᠠ ᠵᠠᠮ ᠢ ᠳᠤᠷᠠᠳᠤᠨ ᠭᠠᠷᠭᠠᠵᠤ᠂ ᠬᠤᠷᠠᠯ ᠳᠤ ᠣᠷᠣᠯᠴᠠᠭᠰᠠᠳ ᠤᠨ ︽ᠵᠠᠰᠠᠭ ᠤᠨ ᠶᠠᠪᠤᠳᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠲᠤᠬᠠᠢ ᠲᠠᠨᠢᠯᠲᠠ ᠶᠢ ᠰᠢᠨᠡᠳᠬᠡᠪᠡ᠃       ᠤᠯᠠᠨ ᠢᠶᠠᠷ ᠢᠶᠠᠨ᠂ ᠪᠣᠯᠪᠠᠰᠤᠷᠠᠯ ᠢᠶᠠᠷ ᠳᠠᠮᠵᠢᠨ ᠬᠠᠷᠠᠭ᠎ᠠ ᠪᠠᠨ ᠥᠷᠭᠡᠳᠬᠡᠵᠦ᠂ ᠰᠡᠳᠬᠢᠴᠡ ᠪᠠᠨ ᠬᠦᠭᠵᠢᠭᠡᠭᠰᠡᠨ ᠢᠶᠠᠷ ᠪᠠᠷᠠᠬᠤ ᠦᠭᠡᠢ᠂ ᠪᠠᠰᠠ ᠮᠡᠳᠡᠯᠭᠡ ᠪᠠᠨ ᠨᠡᠮᠡᠭᠳᠡᠭᠦᠯᠵᠦ᠂ ᠢᠲᠡᠭᠡᠯ ᠵᠣᠷᠢᠭ ᠢᠶᠠᠨ ᠳᠡᠭᠡᠭᠰᠢᠯᠡᠭᠦᠯᠵᠤ᠂ ᠵᠠᠰᠠᠭ ᠤᠨ ᠶᠠᠪᠤᠳᠠᠯ ᠤᠨ ᠥᠭᠡᠷᠡᠴᠢᠯᠡᠯᠲᠡ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠵᠡᠷᠭᠡ ᠰᠢᠨ᠎ᠡ ᠤᠨᠤᠯ᠂ ᠰᠢᠨ᠎ᠡ ᠣᠶᠢᠯᠠᠭᠠᠭᠳᠠᠬᠤᠨ᠂ ᠰᠢᠨ᠎ᠡ ᠦᠢᠯᠡᠳᠦᠯᠭᠡ ᠪᠠᠨ ᠪᠦᠬᠦ ᠲᠠᠯ᠎ᠠ ᠪᠠᠷ ᠡᠮᠬᠢᠳᠬᠡᠨ ᠰᠢᠩᠭᠡᠭᠡᠵᠦ᠂ ᠪᠤᠳᠠᠳᠤ ᠦᠢᠯᠡᠳᠦᠯᠭᠡ ᠳᠤ ᠬᠡᠷᠡᠭᠯᠡᠨ᠂ ᠪᠦᠬᠦ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃       ᠬᠤᠰᠢᠭᠤᠨ ᠤ ᠤᠳᠤᠷᠢᠳᠤᠯᠭ᠎ᠠ ᠬᠠᠢ ᠤᠯᠠᠭᠠᠨᠲᠤᠶᠠᠭ᠎ᠠ᠂ ᠵᠧᠦ ᠭᠤᠸᠠᠩ ᠵᠢᠶᠦ᠋ᠨ᠂ ᠶᠠᠨ ᠸᠧᠢ᠂ ᠯᠢᠦ ᠶᠢᠨ᠂ ᠵᠠᠩ ᠶᠧ᠂ ᠶᠠᠩ ᠳ᠋ᠦᠩ ᠸᠧᠢ ᠪᠣᠯᠪᠠᠰᠤᠷᠠᠯ ᠳᠤ ᠣᠷᠣᠯᠴᠠᠪᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ