ᠪᠠᠶᠢᠴᠠᠭᠠᠬᠤ ᠰᠦᠯᠳᠡ ᠶᠢ ᠬᠢᠯᠢ ᠶᠢᠨ ᠪᠣᠭᠤᠮᠲᠠ ᠶᠢᠨ ᠨᠢᠭᠡᠳᠦᠭᠡᠷ ᠹᠷᠣᠨᠲ ᠲᠤ ᠭᠢᠯᠠᠯᠵᠠᠭᠤᠯᠤᠶ᠎ᠠ — ᠥᠪᠥᠷ ᠮᠣᠩᠭᠤᠯ ᠤᠨ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ ᠪᠤᠢ
ᠨᠡᠶᠢᠲᠡᠯᠡᠭᠰᠡᠨ ᠴᠠᠭ᠄
2024/6/21
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ ᠪᠣᠯ ᠮᠠᠨ ᠤ ᠤᠯᠤᠰ ᠤᠨ ᠴᠢᠬᠤᠯᠠ ᠬᠢᠯᠢ ᠶᠢᠨ ᠪᠣᠭᠤᠮᠲᠠ ᠶᠢᠨ ᠬᠤᠲᠠ ᠪᠣᠯᠤᠨ᠎ᠠ᠂ ᠮᠣᠩᠭᠤᠯ ᠤᠯᠤᠰ ᠤᠨ ᠡᠮᠦᠨᠡᠭᠤᠪᠢ ᠠᠶᠢᠮᠠᠭ ᠲᠠᠢ ᠵᠠᠬ᠎ᠠ ᠨᠡᠶᠢᠯᠡᠵᠦ᠂ ᠪᠥᠬᠦ ᠤᠯᠤᠰ ᠤᠨ ᠠᠩᠬᠠᠳᠠᠭᠴᠢ 2000 ᠲᠦᠮᠡᠨ ᠲᠣᠨ ᠢ ᠳᠠᠪᠠᠭᠰᠠᠨ ᠵᠠᠰᠠᠮᠠᠯ ᠵᠠᠮ ᠤᠨ ᠬᠢᠯᠢ ᠶᠢᠨ ᠪᠣᠭᠤᠮᠲᠠ ᠭᠠᠭᠴᠠᠮᠤᠳᠤ ᠬᠢᠯᠢ ᠶᠢᠨ ᠪᠣᠭᠤᠮᠲᠠ ᠠᠳᠡ ᠪᠠᠶᠢᠳᠠᠭ᠃ 2023 ᠣᠨ ᠠᠴᠠ ᠨᠠᠭᠠᠰᠢ᠂ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠣᠷᠣᠨ ᠪᠠᠶᠢᠷᠢ ᠶᠢᠨ ᠳᠠᠪᠠᠭᠤᠯᠢᠭ ᠪᠠ ᠪᠠᠶᠢᠴᠠᠭᠠᠬᠤ ᠡᠭᠦᠷᠭᠡ ᠴᠢᠳᠠᠪᠬᠢ ᠳᠠᠭᠠᠨ ᠰᠠᠭᠤᠷᠢᠯᠠᠵᠤ᠂ ︽ᠬᠡᠷᠡᠭ ᠰᠢᠢᠳᠪᠦᠷᠢᠯᠡᠬᠦ ᠶᠢ ᠠᠳᠬᠤᠬᠤ᠂ ᠬᠠᠮᠠᠭᠠᠯᠠᠯᠲᠠ ᠶᠢ ᠴᠢᠩᠭᠠᠳᠬᠠᠬᠤ᠂ ᠬᠢᠨᠠᠯᠲᠠ ᠲᠠᠯᠪᠢᠬᠤ ᠶᠢ ᠴᠢᠬᠤᠯᠠᠴᠢᠯᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠬᠠᠮᠲᠤᠷᠠᠯᠴᠠᠬᠤ ᠳᠤ ᠴᠢᠳᠠᠮᠠᠭᠠᠢ᠂ ᠰᠣᠯᠢᠯᠴᠠᠭ᠎ᠠ ᠪᠠᠨ ᠰᠢᠯᠤᠭᠤᠳᠬᠠᠬᠤ᠂ ᠪᠠᠲᠤᠯᠠᠭ᠎ᠠ ᠶᠢ ᠲᠣᠭᠲᠠᠪᠤᠷᠢᠵᠢᠭᠤᠯᠬᠤ︾ ᠠᠵᠢᠯ ᠤᠨ ᠰᠡᠳᠬᠢᠴᠡ  ᠪᠠᠷ ᠵᠢᠯᠤᠭᠤᠳᠤᠯᠭ᠎ᠠ ᠪᠣᠯᠭᠠᠵᠤ᠂ ᠬᠢᠯᠢ ᠶᠢᠨ ᠪᠣᠭᠤᠮᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠭᠠᠭᠴᠠᠮᠤᠳᠤ ᠬᠢᠯᠢ ᠶᠢᠨ ᠪᠣᠭᠤᠮᠲᠠ ᠶᠢᠨ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠪᠠ ᠡᠷᠡᠭᠦᠯ ᠴᠢᠭᠢᠷᠠᠭ ᠴᠢᠨᠠᠷ ᠰᠠᠶᠢᠲᠠᠢ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠴᠢᠷᠮᠠᠶᠢᠨ ᠪᠤᠢ ᠪᠣᠯᠭᠠᠪᠠ᠃       ᠠᠵᠤ ᠠᠬᠤᠶᠢᠯᠠᠯ ᠳᠤ ᠬᠦᠷᠴᠦ ᠰᠠᠨᠠᠯ ᠰᠠᠨᠠᠭᠤᠯᠭ᠎ᠠ ᠴᠤᠭᠯᠠᠭᠤᠯᠬᠤ ᠠᠵᠢᠯᠯᠠᠭ᠎ᠠ ᠥᠷᠨᠢᠭᠦᠯᠪᠡ       ᠪᠦᠬᠦ ᠲᠠᠯ᠎ᠠ ᠪᠠᠷ ᠨᠢᠭᠡᠳᠦᠯᠲᠡᠶ ᠲᠦᠯᠦᠪᠯᠡᠨ ︽ᠪᠠᠶᠢᠴᠠᠭᠠᠬᠤ ᠠᠵᠢᠯ ᠢᠶᠠᠷ ᠠᠵᠤ ᠠᠬᠤᠶᠢᠯᠠᠯ ᠢ ᠬᠠᠮᠠᠭᠠᠯᠠᠬᠤ︾ ᠠᠵᠢᠯᠯᠠᠭ᠎ᠠ ᠶᠢ ᠠᠬᠢᠭᠤᠯᠪᠠ᠃       ᠪᠥᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ︽ᠬᠢᠯᠢ ᠶᠢᠨ ᠪᠣᠭᠤᠮᠲᠠ ᠶᠢᠨ ᠪᠠᠶᠢᠴᠠᠭᠠᠬᠤ ᠠᠵᠢᠯ ᠤᠨ ᠨᠢᠭᠡᠳᠦᠯᠲᠡᠶ ᠠᠵᠢᠯᠯᠠᠭ᠎ᠠ︾ ᠶᠢ ᠪᠠᠶᠢᠷᠢᠯᠠᠭᠤᠯᠤᠭᠰᠠᠨ ᠤ ᠳᠠᠷᠠᠭ᠎ᠠ᠂ ᠤᠷᠠᠳ ᠤᠨ ᠳᠤᠮᠳᠠᠳᠤ ᠬᠤᠰᠢᠭᠤᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠳᠡᠭᠡᠳᠦ ᠬᠡᠮᠵᠢᠶ᠎ᠡ  ᠪᠠᠷ ᠴᠢᠬᠤᠯᠠᠴᠢᠯᠠᠨ ᠦᠵᠡᠵᠦ᠂ ᠲᠡᠷᠡ ᠳᠠᠷᠤᠶ ᠳᠤᠨᠢ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠢᠯᠢ ᠶᠢᠨ ᠪᠣᠭᠤᠮᠲᠠ ᠶᠢᠨ ᠪᠠᠶᠢᠴᠠᠭᠠᠬᠤ ᠠᠵᠢᠯ ᠤᠨ ᠲᠠᠰᠤᠭ ᠢ ᠪᠠᠶᠢᠭᠤᠯᠵᠤ᠂ ︽ᠨᠢᠭᠡᠳᠦᠭᠡᠷ ᠭᠠᠷ︾ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠳᠠᠲᠠᠶ ᠠᠳᠬᠤᠬᠤ᠂ ᠬᠠᠮᠢᠶ᠎ᠠ ᠪᠥᠬᠦᠶ ᠳᠣᠲᠣᠭᠠᠳᠤ ᠪᠠᠶᠢᠭᠤᠯᠤᠮᠵᠢ ᠠᠳᠠᠯᠢ ᠴᠢᠭᠯᠡᠯ ᠢᠶᠠᠷ ᠬᠦᠴᠦᠯᠡᠵᠦ᠂ ᠨᠢᠭᠡ ᠴᠣᠭᠴᠠᠵᠢᠭᠤᠯᠤᠨ ᠲᠤᠰᠢᠶᠠᠯ ᠬᠠᠷᠢᠭᠤᠴᠠᠯᠭ᠎ᠠ ᠪᠠᠨ  ᠭᠦᠢᠴᠡᠳᠬᠡᠬᠦ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠲᠤᠰᠬᠠᠶ ᠠᠵᠢᠯᠯᠠᠭ᠎ᠠ ᠶᠢ ᠨᠢᠭᠡ ᠴᠣᠭᠴᠠᠵᠢᠭᠤᠯᠤᠨ ᠶᠠᠪᠤᠭᠳᠠᠭᠤᠯᠬᠤ ᠶᠢ ᠠᠬᠢᠭᠤᠯᠪᠠ᠃       ᠡᠭᠦᠨ ᠤ ᠬᠠᠮᠲᠤ᠂ ᠤᠷᠠᠳ ᠤᠨ ᠳᠤᠮᠳᠠᠳᠤ ᠬᠤᠰᠢᠭᠤᠨ ᠤ ᠪᠠᠶᠢᠴᠠᠭᠠᠬᠤ ᠬᠤᠷᠢᠶ᠎ᠠ ᠨᠢ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠭᠠᠭᠴᠠᠮᠤᠳᠤ ᠪᠠᠯᠭᠠᠰᠤᠨ ᠤ ᠵᠠᠰᠠᠭ ᠤᠨ ᠣᠷᠳᠣᠨ᠂ ᠬᠢᠯᠢ ᠶᠢᠨ ᠪᠣᠭᠤᠮᠲᠠ᠂ ᠬᠢᠯᠢ ᠶᠢᠨ ᠪᠠᠶᠢᠴᠠᠭᠠᠯᠲᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠣᠯᠠᠨ ᠪᠠᠶᠢᠭᠤᠯᠭ᠎ᠠ ᠨᠢᠭᠡᠴᠢ ᠪᠠ ᠠᠵᠤ ᠠᠬᠤᠶᠢᠯᠠᠯ ᠲᠠᠢ ᠶᠠᠷᠢᠯᠴᠠᠬᠤ ᠠᠵᠢᠯᠯᠠᠭ᠎ᠠ ᠥᠷᠨᠢᠭᠦᠯᠵᠦ᠂ ᠪᠠᠶᠢᠭᠤᠯᠤᠮᠵᠢ ᠪᠠ ᠠᠵᠢᠯ ᠤᠨ ᠲᠣᠭᠲᠠᠴᠠ ᠪᠠᠶᠢᠭᠤᠯᠬᠤ ᠵᠡᠷᠭᠡ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠵᠣ᠂ ᠪᠠᠶᠢᠴᠠᠭᠠᠬᠤ ᠪᠠᠶᠢᠭᠤᠯᠭ᠎ᠠ ᠶᠢᠨ ︽ᠲᠠᠪᠤᠨ ᠶᠡᠭᠡ ᠡᠭᠦᠷᠭᠡ︾  ᠳᠤ  ᠦᠢᠯᠡᠴᠢᠯᠡᠭᠡ ᠪᠠᠲᠤᠯᠠᠭ᠎ᠠ ᠬᠠᠩᠭᠠᠬᠤ᠂ ᠬᠢᠯᠢ ᠶᠢᠨ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠦᠴᠦᠯᠡᠬᠦ ᠴᠡᠭ ᠢ ᠤᠯᠠᠮ ᠨᠢᠭᠡ ᠠᠯᠬᠤᠮ ᠲᠤᠳᠤᠷᠬᠠᠶᠢᠯᠠᠪᠠ︔ ᠭᠠᠭᠴᠠᠮᠤᠳᠤ ᠪᠠᠯᠭᠠᠰᠤᠨ ᠤ ᠵᠠᠰᠠᠭ ᠤᠨ ᠣᠷᠳᠣᠨ ᠲᠠᠢ ︽ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠭᠠᠭᠴᠠᠮᠤᠳᠤ ᠪᠠᠯᠭᠠᠰᠤᠨ  ᠤ ᠵᠠᠰᠠᠭ ᠤᠨ ᠣᠷᠳᠣᠨ ᠪᠣᠭᠤᠮᠲᠠ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ  ᠦᠢᠯᠡᠴᠢᠯᠡᠬᠦ ᠬᠠᠮᠵᠢᠯᠴᠠᠭᠠᠨ ᠤ ᠲᠣᠭᠲᠠᠴᠠ︾ ᠳᠤ ᠭᠠᠷ ᠤᠨ ᠥᠰᠥᠭ ᠵᠢᠷᠤᠵᠤ᠂ ᠪᠠᠶᠢᠴᠠᠭᠠᠬᠤ ᠠᠵᠢᠯ ᠤᠨ ᠬᠠᠮᠵᠢᠯᠴᠠᠬᠤ ᠠᠯᠪᠠᠨ ᠬᠡᠷ ᠪᠣᠯᠤᠨ ᠦᠨᠳᠦᠰᠦᠨ ᠱᠠᠲᠤᠨ ᠤ ᠤᠷᠤᠨ ᠲᠣᠭᠤᠷᠢᠭᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠢᠶᠠᠷ ᠲᠦᠰᠢᠭ ᠪᠣᠯᠭᠠᠨ᠂ ᠨᠡᠶᠢᠭᠡᠮ ᠤᠨ ᠵᠥᠷᠢᠴᠡᠯ ᠢ ᠬᠠᠮᠲᠤ ᠪᠠᠷ ᠨᠠᠮᠳᠠᠭᠤᠯᠵᠤ᠂ ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ᠦᠨᠳᠦᠰᠦᠨ ᠱᠠᠲᠤᠨ  ᠤ ᠨᠡᠶᠢᠭᠡᠮ ᠤᠨ ᠵᠠᠰᠠᠯᠲᠠ ᠶᠢᠨ ᠠᠵᠢᠯ ᠤᠨ ᠣᠳᠣᠬᠢᠴᠢᠯᠠᠯᠲᠠ ᠶᠢ ᠠᠬᠢᠭᠤᠯᠤᠨ᠂ ᠭᠠᠭᠴᠠᠮᠤᠳᠤ ᠬᠢᠯᠢ ᠶᠢᠨ ᠪᠣᠭᠤᠮᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠨᠠᠷᠢᠯᠢᠭ ᠣᠨᠣᠪᠴᠢᠲᠠᠶ ᠬᠠᠤᠯᠢ ᠴᠠᠭᠠᠵᠠ ᠶᠢᠨ  ᠦᠢᠯᠡᠴᠢᠯᠡᠭᠡ ᠪᠠ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠵᠤ᠂ ᠤᠷᠠᠳ ᠤᠨ ᠳᠤᠮᠳᠠᠳᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠴᠢᠨᠠᠷ ᠰᠠᠶᠢᠲᠠᠶ ᠬᠠᠤᠯᠢ ᠪᠠᠷ ᠵᠠᠰᠠᠬᠤ ᠣᠷᠴᠢᠨ ᠨᠥᠬᠦᠴᠡᠯ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠶ ᠪᠣᠯᠭᠠᠵᠤ ᠥᠭᠪᠡ᠃       ᠡᠭᠦᠨ ᠠᠴᠠ ᠭᠠᠳᠠᠨ᠎ᠠ᠂ ᠤᠷᠠᠳ ᠤᠨ ᠳᠤᠮᠳᠠᠳᠤ ᠬᠤᠰᠢᠭᠤᠨ ᠤ ᠪᠠᠶᠢᠴᠠᠭᠠᠬᠤ ᠬᠤᠷᠢᠶ᠎ᠠ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ  ᠳᠤ ᠴᠢᠩᠭ᠎ᠠ ᠴᠣᠬᠢᠯᠲᠠ ᠥᠭᠴᠦ᠂ ︽ᠬᠤᠯᠠᠭᠠᠶᠢᠯᠠᠬᠤ ᠮᠡᠬᠡᠯᠡᠬᠦ ᠪᠤᠯᠢᠶᠠᠬᠤ︾ ︽ᠱᠠᠯᠢᠭ ᠵᠠᠪᠬᠠᠢ᠂ ᠵᠣᠭᠤᠰ ᠨᠠᠭᠠᠳᠬᠤ᠂ ᠬᠤᠣᠷᠲᠤ ᠡᠳ᠋ ᠫᠠᠨᠽᠠᠯᠠᠵᠤ ᠡᠳ᠋ᠯᠡᠬᠦ︾ ᠵᠡᠷᠭᠡ ᠶᠠᠯᠠᠲᠤ ᠬᠡᠷᠡᠭ ᠢ ᠭᠦᠨᠵᠡᠭᠡᠢ ᠪᠠᠶᠢᠴᠠᠭᠠᠨ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠵᠢᠷᠤᠮ ᠪᠠ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠪᠠ︔ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠤᠯᠪᠣᠭᠳᠠᠭᠰᠠᠨ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠲᠦᠷᠦ ᠶᠢᠨ ᠪᠤᠳᠤᠯᠭ᠎ᠠ ᠶᠢ ᠣᠨᠣᠪᠴᠢᠲᠠᠢ ᠡᠵᠡᠮᠳᠡᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠲᠤ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠪᠠ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠬᠤ ᠶᠢᠨ ᠬᠤᠭᠤᠷᠣᠨᠳᠣᠬᠢ ᠬᠠᠷᠢᠴᠠᠭ᠎ᠠ ᠶᠢ ᠬᠡᠷᠬᠢᠨ ᠲᠡᠩᠴᠡᠭᠦᠷᠢᠲᠡᠢ ᠪᠠᠶᠢᠯᠭᠠᠬᠤ ᠶᠢ ᠭᠦᠢᠴᠡᠳ ᠪᠣᠳᠣᠯᠬᠢᠯᠠᠵᠤ᠂ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠭᠡᠬᠦ ᠶᠢᠨ ᠬᠠᠮᠲᠤ ᠠᠵᠤ ᠠᠬᠤᠶᠢᠯᠠᠯ ᠤᠨ ᠬᠡᠪ ᠤᠨ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠶᠢ ᠬᠦᠴᠦᠲᠡᠢ ᠪᠠᠲᠤᠯᠠᠵᠤ᠂ ︽ᠨᠢᠭᠡ ᠬᠡᠷᠡᠭ ᠢ ᠰᠢᠢᠳᠪᠦᠷᠢᠯᠡᠬᠦ ᠳᠤ ᠨᠢᠭᠡ ᠠᠵᠤ ᠠᠬᠤᠶᠢᠯᠠᠯ ᠢ ᠰᠦᠢᠷᠡᠭᠦᠯᠬᠦ︾ ᠠᠴᠠ ᠵᠠᠶᠢᠯᠠᠰᠬᠢᠪᠡ︔ ︽ᠬᠠᠤᠯᠢ ᠴᠠᠭᠠᠵᠠ ᠶᠢ ᠠᠵᠤ ᠠᠬᠤᠶᠢᠯᠠᠯ ᠳᠤ ᠬᠦᠷᠭᠡᠬᠦ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢᠨ ᠠᠵᠢᠯᠯᠠᠭ᠎ᠠ ᠶᠢ ᠲᠤᠬᠠᠢ ᠶᠢᠨ ᠭᠠᠵᠠᠷ ᠲᠤᠨᠢ ᠥᠷᠨᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠰᠠᠨᠠᠭᠤᠯᠭ᠎ᠠ ᠶᠢ ᠨᠢᠭᠤᠷᠳᠡᠨ ᠰᠣᠨᠣᠰᠴᠤ᠂ ᠠᠵᠤ ᠠᠬᠤᠶᠢᠯᠠᠯ  ᠢ ᠬᠠᠪᠰᠤᠷᠤᠨ ᠬᠡᠷᠡᠭ ᠡᠭᠦᠰᠦᠭᠰᠡᠨ ᠰᠢᠯᠲᠠᠭᠠᠨ ᠢ ᠵᠠᠳᠠᠯᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠪᠠᠷ ᠳᠠᠮᠵᠢᠭᠤᠯᠤᠨ ᠠᠵᠤ ᠠᠬᠤᠶᠢᠯᠠᠯ ᠢ ᠬᠦᠳᠦᠯᠦᠨ ᠵᠢᠯᠣᠭᠤᠳᠴᠤ ᠬᠠᠤᠯᠢ ᠪᠠᠷ ᠵᠠᠰᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠬᠠᠨᠳᠤᠯᠭᠠᠲᠤ ᠴᠢᠨᠠᠷᠲᠠᠢ ᠬᠠᠮᠢᠶᠠᠷᠤᠯᠲᠠ ᠶᠢᠨ ᠲᠦᠷᠢᠮ  ᠢ ᠲᠣᠭᠲᠠᠭᠠᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ︽ᠤᠷᠢᠳᠴᠢᠯᠠᠨ ᠰᠡᠷᠭᠡᠶᠢᠯᠡᠬᠦ᠂ ᠬᠡᠷᠡᠭ ᠰᠢᠢᠳᠪᠦᠷᠢᠯᠡᠬᠦ᠂ ᠬᠢᠨᠠᠯᠲᠠ ᠲᠠᠯᠪᠢᠬᠤ︾ ᠪᠦᠬᠦ ᠬᠡᠯᠬᠢᠶᠡᠵᠢᠯ ᠤᠨ ᠪᠠᠶᠢᠴᠠᠭᠠᠬᠤ ᠠᠵᠢᠯ ᠤᠨ ᠦᠢᠯᠡᠴᠢᠯᠡᠭᠡᠨ ᠤ ᠵᠠᠭᠪᠤᠷ ᠢ ᠪᠠᠶᠢᠭᠤᠯᠪᠠ᠃       2024 ᠣᠨ ᠳᠤ᠂ ᠤᠷᠠᠳ ᠤᠨ ᠳᠤᠮᠳᠠᠳᠤ ᠬᠤᠰᠢᠭᠤᠨ ᠤ ᠪᠠᠶᠢᠴᠠᠭᠠᠬᠤ ᠬᠤᠷᠢᠶᠠᠨ ᠤ ᠴᠥᠬᠦᠷᠡᠰᠢ ᠥᠬᠡᠶ ᠴᠢᠷᠮᠠᠶᠢᠯᠭ᠎ᠠ ᠪᠠᠷ᠂ ᠪᠣᠳᠠᠲᠠᠶ ᠶᠢ ᠡᠷᠬᠢᠮᠯᠡᠨ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠨᠦᠭᠦᠳ ᠢ ᠨᠢᠭᠡᠳ ᠨᠢᠭᠡ ᠪᠠᠷ ᠨᠠᠶᠢᠳᠠᠪᠤᠷᠢᠵᠢᠭᠤᠯᠤᠨ᠂ ᠬᠠᠷᠢᠶ᠎ᠠ ᠣᠷᠣᠨ ᠤ ᠠᠵᠤ ᠠᠬᠤᠶᠢᠯᠠᠯ ᠤᠳ᠂ ᠤᠷᠠᠳ ᠤᠨ ᠳᠤᠮᠳᠠᠳᠤ ᠬᠤᠰᠢᠭᠤᠨ ᠤ ᠪᠠᠶᠢᠴᠠᠭᠠᠬᠤ ᠬᠤᠷᠢᠶ᠎ᠠ ᠬᠦᠴᠦᠲᠡᠶ ᠬᠠᠪᠰᠤᠷᠤᠯᠭ᠎ᠠ ᠦᠵᠡᠭᠦᠯᠦᠭᠰᠡᠨ ᠠᠴᠠ ᠪᠣᠯᠵᠣ᠂ ᠲᠡᠳᠡᠨ ᠳᠤ ᠬᠦᠴᠢᠷᠳᠡᠯ ᠲᠤᠯᠭᠠᠷᠠᠬᠤ ᠦᠶ᠎ᠡ ᠳᠤ ᠠᠰᠠᠭᠤᠳᠠᠯ ᠢ  ᠰᠢᠢᠳᠪᠦᠷᠢᠯᠡᠬᠦ ᠣᠯᠠᠨ ᠠᠷᠭ᠎ᠠ ᠵᠠᠮ ᠪᠠ ᠪᠠᠲᠤᠯᠠᠭ᠎ᠠ ᠬᠠᠩᠭᠠᠭᠰᠠᠨ ᠪᠠᠶᠢᠨ᠎ᠠ ᠭᠡᠪᠡ᠃       ᠲᠣᠭᠲᠠᠭᠠᠯ ᠳᠤ ᠨᠡᠶᠢᠴᠡᠭᠦᠯᠦᠨ ᠴᠡᠭᠴᠡᠯᠡᠨ ᠰᠠᠶᠢᠵᠢᠷᠠᠭᠤᠯᠬᠤ ᠠᠬᠢᠭᠤᠯᠤᠯᠳᠠ ᠶᠢᠨ ᠬᠤᠷᠠᠯ ᠬᠤᠷᠠᠯᠳᠤᠭᠤᠯᠪᠠ       ᠭᠤᠣᠯᠳᠠᠯᠭ᠎ᠠ ᠶᠢ ᠠᠳᠬᠤᠨ ᠪᠠᠶᠢᠴᠠᠭᠠᠬᠤ ᠠᠵᠢᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠪᠡ       ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠥᠭᠡᠷᠡᠴᠢᠯᠡᠯᠲᠡ᠂ 2023 ᠣᠨ ᠤ ᠡᠨᠡ ᠬᠦ ᠲᠦᠢᠯ ᠤᠨ ᠬᠤᠯᠠ ᠶᠢᠨ ᠬᠠᠷᠠᠴᠠ ᠲᠠᠢ ᠪᠥᠭᠡᠳ ᠰᠥᠰᠥ ᠵᠣᠷᠢᠭ ᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠪᠠᠶᠢᠴᠠᠭᠠᠬᠤ ᠠᠵᠢᠯ ᠪᠠ ᠬᠠᠤᠯᠢ ᠪᠠᠷᠢᠬᠤ ᠦᠢᠯᠡᠳᠦᠯᠭᠡ ᠶᠢᠨ ᠳᠤᠮᠳᠠ ᠰᠢᠨ᠎ᠡ ᠠᠮᠢᠳᠤᠯᠢᠭ ᠬᠦᠴᠦᠨ ᠢ ᠤᠯᠭᠤᠵᠤ᠂ ᠨᠡᠩ ᠤᠯᠠᠨ ᠠᠵᠤ ᠠᠬᠤᠶᠢᠯᠠᠯ ᠲᠣᠭᠲᠠᠭᠠᠯ ᠳᠤ ᠨᠡᠶᠢᠴᠡᠭᠦᠯᠦᠨ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠨ ᠲᠠᠬᠢᠨ ᠰᠢᠨ᠎ᠡ ᠠᠮᠢᠯᠠᠯ ᠤᠨ ᠬᠦᠴᠦᠨ ᠣᠯᠵᠤ᠂ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠬᠤ ᠶᠢ ᠪᠡᠶᠡᠯᠡᠭᠦᠯᠪᠡ᠃       ᠤᠷᠠᠳ ᠤᠨ ᠳᠤᠮᠳᠠᠳᠤ ᠬᠤᠰᠢᠭᠤᠨ ᠤ ᠨᠢᠭᠡᠨ ᠴᠢᠯᠠᠭᠤᠨ ᠮᠠᠲ᠋ᠧᠷᠢᠶᠠᠯ ᠪᠣᠯᠪᠠᠰᠤᠷᠠᠭᠤᠯᠬᠤ ᠠᠵᠤ ᠠᠬᠤᠶᠢᠯᠠᠯ ᠭᠠᠳᠠᠷ ᠬᠡᠷᠡᠮ ᠳᠤ ᠰᠢᠷ ᠳᠦᠷᠭᠢᠬᠦ ᠠᠵᠢᠯ ᠬᠢᠵᠦ ᠪᠠᠶᠢᠬᠤ ᠳᠠᠭᠠᠨ᠂ ᠠᠵᠢᠯᠴᠢᠨ ᠨᠢ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠬᠢᠭᠰᠡᠨ ᠥᠬᠡᠶ᠂ ᠳᠡᠭᠦᠵᠢᠯᠡᠭᠦᠷ ᠢ ᠲᠤᠷᠰᠢᠨ ᠲᠣᠬᠢᠷᠠᠭᠤᠯᠤᠭᠰᠠᠨ ᠥᠬᠡᠶ ᠪᠠᠶᠢᠳᠠᠯ ᠳᠣᠤᠷ᠎ᠠ ᠲᠣᠭᠲᠠᠭᠠᠯ ᠠᠴᠠ ᠵᠥᠷᠢᠴᠡᠨ ᠠᠵᠢᠯᠯᠠᠵᠤ᠂ ᠠᠵᠢᠯᠯᠠᠬᠤ ᠶᠠᠪᠤᠴᠠ ᠳᠤ ᠠᠳᠡᠭᠰᠡᠨ ᠪᠠᠶᠢᠨ᠎ᠠ᠃ ᠬᠢᠨᠠᠨ ᠲᠣᠭᠲᠠᠭᠠᠯᠲᠠ ᠪᠠᠷ ᠳᠡᠮᠵᠢᠨ᠂ ᠠᠳᠡᠯ ᠭᠠᠷᠤᠭᠰᠠᠨ ᠥᠨᠳᠥᠷ ᠲᠤ ᠠᠵᠢᠯᠯᠠᠬᠤ ᠳᠡᠭᠦᠵᠢᠯᠡᠭᠦᠷ ᠤᠨ ᠶᠠᠰᠤ ᠴᠢᠨᠠᠷ ᠤᠨ ᠣᠯᠠᠨ  ᠵᠦᠢᠯ ᠤᠨ ᠭᠦᠢᠴᠡᠳᠬᠡᠯ ᠲᠤᠭ᠎ᠠ ᠨᠢ ᠬᠢᠷᠢ ᠲᠡᠩᠴᠡᠭᠰᠡᠨ ᠥᠬᠡᠶ ᠪᠠᠶᠢᠪᠠ᠃ ᠬᠡᠷᠡᠭ ᠭᠠᠷᠤᠭᠰᠠᠨ ᠤ ᠳᠠᠷᠠᠭ᠎ᠠ᠂ ᠤᠷᠠᠳ ᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠬᠦᠨᠳᠦ ᠶᠡᠭᠡ ᠬᠠᠷᠢᠭᠤᠴᠠᠯᠭ᠎ᠠ ᠶᠢᠨ ᠠᠳᠡᠯ ᠭᠠᠷᠭᠠᠭᠰᠠᠨ ᠶᠠᠯ᠎ᠠ ᠪᠠᠷ ᠤᠷᠠᠳ ᠤᠨ ᠳᠤᠮᠳᠠᠳᠤ ᠬᠤᠰᠢᠭᠤᠨ ᠤ ᠪᠠᠶᠢᠴᠠᠭᠠᠬᠤ ᠬᠤᠷᠢᠶᠠᠨ  ᠳᠤ ᠰᠢᠯᠵᠢᠭᠦᠯᠦᠨ ᠬᠦᠷᠭᠡᠵᠦ ᠵᠠᠭᠠᠯᠳᠤᠬᠤ ᠶᠢ ᠬᠢᠨᠠᠨ ᠪᠠᠶᠢᠴᠠᠭᠠᠯᠭᠠᠪᠠ᠃       ᠲᠣᠰ ᠬᠡᠷᠡᠭ ᠢ ᠬᠦᠯᠢᠶᠡᠨ ᠠᠪᠤᠭᠰᠠᠨ ᠤ ᠳᠠᠷᠠᠭ᠎ᠠ᠂ ᠤᠷᠠᠳ ᠤᠨ ᠳᠤᠮᠳᠠᠳᠤ ᠬᠤᠰᠢᠭᠤᠨ ᠤ ᠪᠠᠶᠢᠴᠠᠭᠠᠬᠤ ᠬᠤᠷᠢᠶ᠎ᠠ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦᠯᠬᠦ ᠠᠵᠢᠯ ᠢ ᠡᠬᠢᠯᠡᠬᠦᠯᠦᠨ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠥᠭᠡᠷᠡᠴᠢᠯᠡᠯᠲᠡ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠲᠦᠭᠵᠢᠷᠡᠯ ᠤᠨ ᠠᠰᠠᠭᠤᠳᠠᠯ ᠢ ᠢᠳᠡᠪᠬᠢᠲᠡᠶ ᠰᠢᠢᠳᠪᠦᠷᠢᠯᠠᠨ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠢ ᠰᠤᠷᠪᠤᠯᠵᠢᠯᠠᠬᠤ᠂ ᠬᠠᠮᠢᠶ᠎ᠠ ᠪᠦᠬᠦᠢ ᠬᠥᠮᠦᠰ ᠲᠠᠢ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠨ᠂ ᠬᠡᠷᠡᠭ ᠤᠨ ᠪᠠᠶᠢᠳᠠᠯ ᠢ ᠨᠠᠷᠢᠨ ᠤᠶᠢᠯᠠᠭᠠᠵᠤ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠨᠡᠪᠲᠡᠷᠡᠯᠴᠡᠭᠰᠡᠨ ᠤ ᠳᠠᠷᠠᠭ᠎ᠠ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠳᠤ ᠲᠣᠭᠲᠠᠭᠠᠯ ᠳᠤ ᠨᠡᠶᠢᠴᠡᠬᠦᠯᠬᠦ ᠥᠭᠡᠷᠡᠴᠢᠯᠡᠯᠲᠡ ᠬᠢᠬᠦ ᠪᠠᠷ ᠲᠤᠭᠲᠠᠬᠤ ᠶᠢᠨ ᠬᠠᠮᠳᠤ᠂ ᠪᠠᠶᠢᠴᠠᠭᠠᠬᠤ ᠲᠤᠰᠢᠶᠠᠯᠲᠠᠨ ᠤ ᠬᠠᠮᠲᠤᠷᠠᠭᠰᠠᠨ ᠬᠤᠷᠠᠯᠳᠤᠭᠠᠨ ᠢ ᠬᠠᠤᠯᠢ ᠶᠣᠰᠣᠭᠠᠷ ᠵᠣᠬᠢᠶᠠᠨ ᠪᠠᠶᠢᠭᠤᠯᠵᠤ ᠬᠤᠷᠠᠯᠳᠤᠭᠤᠯᠤᠨ᠂ ᠬᠤᠷᠠᠯ ᠳᠤ ᠣᠷᠣᠯᠴᠠᠭᠰᠠᠳ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠳᠤ ᠲᠣᠭᠲᠠᠭᠠᠯ ᠳᠤ ᠨᠡᠶᠢᠴᠡᠬᠦᠯᠬᠦ ᠴᠡᠭᠴᠡᠯᠡᠨ ᠰᠠᠶᠢᠵᠢᠷᠠᠭᠤᠯᠬᠤ ᠠᠵᠢᠯ ᠢ ᠡᠬᠢᠯᠡᠭᠦᠯᠬᠦ ᠶᠢ ᠰᠠᠨᠠᠯ ᠨᠢᠭᠡᠲᠡᠶ ᠵᠥᠪᠰᠢᠶᠡᠷᠡᠪᠡ᠂ ᠲᠡᠷᠡᠴᠢᠯᠡᠨ ᠳᠠᠯᠳᠠ ᠭᠡᠮ ᠢ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠬᠤ᠂ ᠱᠠᠩᠨᠠᠵᠤ ᠲᠣᠷᠭᠠᠬᠤ ᠳᠦᠷᠢᠮ ᠢ ᠨᠠᠶᠢᠳᠠᠪᠤᠷᠢᠵᠢᠭᠤᠯᠬᠤ᠂ ᠡᠬᠡ ᠳᠠᠩᠰᠠ ᠶᠢᠨ ᠳᠦᠷᠢᠮ ᠢ ᠪᠠᠶᠢᠭᠤᠯᠬᠤ ᠵᠡᠷᠭᠡ ᠠᠵᠢᠯ ᠳᠤ ᠰᠠᠨᠠᠭᠤᠯᠭ᠎ᠠ ᠳᠤᠷᠠᠳᠪᠠ᠃       ᠳᠠᠷᠠᠭ᠎ᠠ ᠨᠢ᠂ ᠲᠣᠰ ᠠᠵᠤ ᠠᠬᠤᠶᠢᠯᠠᠯ ᠨᠢ ᠤᠷᠠᠳ ᠤᠨ ᠳᠤᠮᠳᠠᠳᠤ ᠬᠤᠰᠢᠭᠤᠨ ᠤ ᠪᠠᠶᠢᠴᠠᠭᠠᠬᠤ ᠬᠤᠷᠢᠶ᠎ᠠ ᠳᠤ ︽ᠠᠵᠤ ᠠᠬᠤᠶᠢᠯᠠᠯ ᠤᠨ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ︾ ︽ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ︾ ︽ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠴᠡᠭᠴᠡᠯᠡᠨ ᠰᠠᠶᠢᠵᠢᠷᠠᠭᠤᠯᠬᠤ ᠲᠥᠯᠥᠪᠯᠡᠭᠡ︾ ︽ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠠᠮᠠᠯᠠᠯᠲᠠ ᠶᠢᠨ ᠪᠢᠴᠢᠭ︾ ᠵᠡᠷᠭᠡ ᠪᠢᠴᠢᠭ ᠮᠠᠲ᠋ᠧᠷᠢᠶᠠᠯ ᠢ ᠬᠠᠩᠭᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠪᠥᠬᠦ ᠲᠠᠯ᠎ᠠ ᠶᠢᠨ ᠵᠠᠳᠠᠯᠤᠯᠲᠠ ᠬᠢᠵᠦ᠂ ᠠᠵᠤ ᠠᠬᠤᠶᠢᠯᠠᠯ ᠤᠨ ᠪᠥᠬᠦ ᠠᠵᠢᠯᠲᠠᠨ ᠴᠤ ᠲᠣᠰ ᠤᠳᠠᠭᠠᠨ ᠤ ᠠᠳᠡᠯ ᠤᠨ ᠲᠤᠬᠠᠶ ᠭᠦᠨᠵᠡᠭᠡᠶ ᠡᠷᠭᠢᠴᠡᠭᠦᠯᠦᠨ ᠪᠣᠳᠣᠯᠬᠢᠯᠠᠪᠠ᠃ ᠲᠤᠰ ᠬᠤᠷᠢᠶ᠎ᠠ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ  ᠢ ᠭᠦᠨᠵᠡᠭᠡᠢ ᠵᠠᠳᠠᠯᠤᠨ ᠰᠤᠳᠤᠯᠵᠤ᠂ ᠡᠨᠡᠬᠦ ᠰᠠᠭᠤᠷᠢᠨ ᠳᠡᠭᠡᠷ᠎ᠡ ᠠᠵᠤ ᠠᠬᠤᠶᠢᠯᠠᠯ ᠤᠨ ᠲᠤᠨᠤᠭ ᠲᠥᠬᠦᠭᠡᠷᠦᠮᠵᠢ ᠶᠢᠨ ᠪᠠᠶᠢᠴᠠᠭᠠᠯᠲᠠ᠂ ᠪᠠᠷᠢᠯᠭ᠎ᠠ ᠶᠢᠨ ᠭᠠᠵᠠᠷ ᠤᠨ ᠬᠠᠮᠢᠶᠠᠷᠤᠯᠲᠠ ᠶᠢᠨ ᠠᠵᠢᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠠᠵᠤ ᠠᠬᠤᠶᠢᠯᠠᠯ ᠢ ᠴᠢᠩᠭ᠎ᠠ ᠨᠠᠶᠢᠳᠠᠪᠤᠷᠢᠵᠢᠭᠤᠯᠬᠤ ᠶᠢ ᠱᠠᠭᠠᠷᠳᠠᠵᠤ᠂ ᠡᠶᠢᠮᠦᠷᠬᠦ ᠬᠡᠷᠡᠭ ᠳᠠᠬᠢᠨᠲᠠ ᠭᠠᠷᠬᠤ ᠶᠢ ᠬᠤᠷᠢᠭᠯᠠᠪᠠ᠃       ᠭᠤᠷᠪᠠᠳᠠᠬᠢ ᠡᠲᠡᠭᠡᠳ ᠠᠴᠠ ᠵᠣᠬᠢᠶᠠᠨ ᠪᠠᠶᠢᠭᠤᠯᠵᠤ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠪᠣᠳᠠᠲᠠᠶ ᠠᠵᠢᠯ ᠤᠨ ᠪᠠᠶᠢᠳᠠᠯ ᠢ ᠦᠨᠳᠦᠰᠦᠯᠡᠨ ᠬᠡᠷᠡᠭᠵᠢᠭᠦᠯᠵᠦ ᠪᠣᠯᠬᠤᠶᠢᠴᠠ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠦᠨᠡᠯᠡᠨ ᠵᠢᠱᠢᠬᠦ ᠲᠥᠰᠦᠯ ᠢ ᠲᠣᠭᠲᠠᠭᠠᠭᠰᠠᠨ ᠤ ᠬᠠᠮᠲᠤ᠂ ᠣᠨᠴᠠ ᠲᠣᠭᠲᠠᠭᠰᠠᠨ ᠠᠵᠢᠯ ᠲᠥᠷᠥᠯ ᠤᠨ ᠲᠣᠭᠲᠠᠭᠠᠯ ᠳᠤ ᠨᠡᠶᠢᠴᠡᠬᠦ ᠦᠨᠡᠯᠡᠨ ᠵᠢᠱᠢᠬᠦ  ᠭᠦᠢᠴᠡᠳᠬᠡᠯ ᠲᠤᠭ᠎ᠠ ᠲᠠᠢ ᠤᠶᠠᠯᠳᠤᠭᠤᠯᠤᠨ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠪᠣᠳᠠᠲᠠᠶ ᠪᠠᠶᠢᠳᠠᠯ ᠳᠤ ᠨᠡᠶᠢᠴᠡᠭᠰᠡᠨ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠦᠨᠡᠯᠡᠨ ᠵᠢᠱᠢᠬᠦ  ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠲᠣᠭᠲᠠᠭᠠᠪᠠ᠃ 2023 ᠣᠨ ᠤ 8 ᠰᠠᠷ᠎ᠠ ᠳᠤ᠂ ᠭᠤᠷᠪᠠᠳᠠᠭᠢ ᠡᠲᠡᠭᠡᠳ ᠤᠨ ᠦᠨᠡᠯᠡᠨ ᠵᠢᠱᠢᠬᠦ ᠳᠤᠭᠤᠶᠢᠯᠠᠩ ᠬᠢᠨᠠᠨ ᠪᠠᠶᠢᠴᠠᠭᠠᠭᠰᠠᠨ ᠤ ᠳᠠᠷᠠᠭ᠎ᠠ᠂ ᠬᠢᠨᠠᠯᠲᠠ ᠲᠠᠯᠪᠢᠵᠤ ᠦᠨᠡᠯᠡᠨ ᠵᠢᠱᠢᠬᠦ ᠳᠤ ᠬᠢᠷᠢ ᠲᠡᠩᠴᠡᠭᠰᠡᠨ ᠢ ᠮᠠᠭᠠᠳᠯᠠᠨ ᠲᠣᠭᠲᠠᠭᠠᠵᠤ᠂ ᠤᠷᠠᠳ ᠤᠨ ᠳᠤᠮᠳᠠᠳᠤ ᠬᠤᠰᠢᠭᠤᠨ ᠤ ᠪᠠᠶᠢᠴᠠᠭᠠᠬᠤ ᠬᠤᠷᠢᠶ᠎ᠠ ᠨᠢ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠵᠠᠭᠠᠯᠳᠤᠬᠤ ᠦᠭᠡᠢ ᠪᠠᠷ ᠲᠣᠭᠲᠠᠭᠠᠵᠠᠢ᠃       ︽ᠬᠡᠷᠡᠭ ᠰᠢᠢᠳᠪᠦᠷᠢᠯᠡᠬᠦ ᠨᠢ ᠵᠣᠷᠢᠯᠭ᠎ᠠ ᠪᠢᠰᠢ᠂ ︿ᠠᠵᠤ ᠠᠬᠤᠶᠢᠯᠠᠯ ᠢ ᠬᠠᠪᠰᠤᠷᠤᠨ ᠲᠡᠳᠡᠨ ᠢ ᠲᠣᠭᠲᠠᠭᠠᠯ ᠳᠤ ᠨᠡᠶᠢᠴᠡᠭᠦᠯᠬᠦ﹀ ᠪᠠᠶᠢᠭᠰᠠᠨ ᠠᠴᠠ ︿ᠠᠵᠤ ᠠᠬᠤᠶᠢᠯᠠᠯ ᠨᠢ ᠰᠠᠨᠠᠭᠠᠴᠢᠯᠠᠭ᠎ᠠ ᠠᠴᠠ ᠪᠠᠨ ᠥᠪᠡᠷ ᠢ ᠪᠠᠨ ᠲᠣᠭᠲᠠᠭᠠᠯ ᠳᠤ ᠨᠡᠶᠢᠴᠡᠭᠦᠯᠬᠦ﹀ ᠪᠣᠯᠭᠠᠨ ᠬᠤᠪᠢᠷᠠᠭᠤᠯᠵᠤ᠂ ᠨᠢᠭᠡ ᠤᠳᠠᠭᠠᠨ ᠤ ᠬᠡᠷᠡᠭ ᠢ ᠰᠢᠢᠳᠪᠦᠷᠢᠯᠡᠬᠦ  ᠪᠠᠷ ᠲᠠᠮᠵᠢᠨ ᠨᠢᠭᠡ ᠪᠦᠯᠦᠭ ᠠᠵᠤ ᠠᠬᠤᠶᠢᠯᠠᠯ ᠢ ᠲᠡᠳᠬᠦᠨ ᠳᠡᠮᠵᠢᠬᠦ᠂ ᠨᠢᠭᠡ ᠠᠵᠢᠯ ᠲᠥᠷᠥᠯ ᠢ ᠵᠢᠷᠤᠮᠵᠢᠭᠤᠯᠬᠤ ᠪᠣᠯ ᠰᠠᠶ᠋ᠢ ᠮᠠᠨ ᠤ ᠠᠵᠤ ᠠᠬᠤᠶᠢᠯᠠᠯ ᠢ ᠬᠠᠮᠠᠭᠠᠯᠠᠬᠤ ᠠᠵᠢᠯ ᠢ ᠥᠷᠨᠢᠭᠦᠯᠬᠦ ᠡᠴᠦᠰ ᠤᠨ ᠬᠠᠷᠠᠯᠲᠠ ᠮᠥᠨ︾ ᠭᠡᠵᠦ ᠤᠷᠠᠳ ᠤᠨ ᠳᠤᠮᠳᠠᠳᠤ ᠬᠤᠰᠢᠭᠤᠨ ᠤ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠪᠠᠶᠢᠴᠠᠭᠠᠬᠤ ᠳᠠᠷᠤᠭ᠎ᠠ ᠭᠦᠸᠧ ᠵᠢᠶᠠᠨ ᠸᠧᠢ ᠬᠡᠯᠡᠪᠡ᠃       ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠥᠭᠡᠷᠡᠴᠢᠯᠡᠯᠲᠡ ᠶᠢᠨ ᠠᠵᠢᠯ ᠤᠨ ᠦᠵᠡᠭᠦᠯᠪᠡᠰᠦ ᠵᠣᠬᠢᠬᠤ ᠦᠢᠯᠡᠳᠦᠯ ᠢ ᠬᠡᠷᠬᠢᠨ ᠪᠠᠳᠠᠷᠠᠭᠤᠯᠬᠤ ᠪᠤᠢ ᠭᠡᠳᠡᠭ  ᠨᠢ ᠭᠤᠷᠪᠠᠳᠠᠭᠢ ᠡᠲᠡᠭᠡᠳ ᠤᠨ ᠲᠣᠭᠲᠠᠴᠠ ᠶᠢᠨ ᠪᠦᠷᠢᠯᠳᠦᠭᠦᠨ ᠨᠢᠭᠡᠴᠢ ᠶᠢᠨ ᠲᠤᠰᠢᠶᠠᠯ ᠬᠠᠷᠢᠭᠤᠴᠠᠯᠭ᠎ᠠ ᠪᠠᠨ ᠪᠦᠲᠦᠮᠵᠢᠲᠡᠶ ᠪᠠᠷ ᠭᠦᠢᠴᠡᠳᠬᠡᠬᠦ ᠠᠴᠠ ᠰᠠᠯᠵᠤ ᠴᠢᠳᠠᠬᠤ ᠦᠭᠡᠢ ᠶᠤᠮ᠃       ᠭᠦᠸᠧ ᠵᠢᠶᠠᠨ ᠸᠧᠢ ᠶᠢᠨ ᠲᠠᠨᠢᠯᠴᠠᠭᠤᠯᠤᠭᠰᠠᠨ ᠢᠶᠠᠷ᠂ 2023 ᠣᠨ ᠳᠤ᠂ ᠤᠷᠠᠳ ᠤᠨ ᠳᠤᠮᠳᠠᠳᠤ ᠬᠤᠰᠢᠭᠤᠨ ᠤ ᠪᠠᠶᠢᠴᠠᠭᠠᠬᠤ ᠬᠤᠷᠢᠶ᠎ᠠ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠢ ᠲᠣᠭᠲᠠᠭᠠᠯ ᠳᠤ ᠨᠡᠶᠢᠴᠡᠬᠦᠯᠬᠦ ᠥᠭᠡᠷᠡᠴᠢᠯᠡᠯᠲᠡ ᠶᠢᠨ ᠲᠤᠬᠠᠢ ᠱᠠᠭᠠᠷᠳᠠᠯᠭ᠎ᠠ ᠶᠢ ᠢᠳᠡᠪᠬᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠢ ᠲᠣᠭᠲᠠᠭᠠᠯ ᠳᠤ ᠨᠡᠶᠢᠴᠡᠬᠦᠯᠬᠦ ᠭᠤᠷᠪᠠᠳᠠᠭᠢ ᠡᠲᠡᠭᠡᠳ ᠤᠨ ᠲᠣᠭᠲᠠᠴᠠ ᠶᠢᠨ ᠬᠠᠮᠢᠶᠠᠷᠤᠯᠲᠠ ᠶᠢᠨ ᠵᠥᠪᠯᠡᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠬᠥᠮᠥᠷᠭᠡ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠣᠯᠠᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠲᠤᠷᠠᠨ ︽ᠤᠷᠠᠳ ᠤᠨ ᠳᠤᠮᠳᠠᠳᠤ ᠬᠤᠰᠢᠭᠤᠨ ᠤ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠢ ᠲᠣᠭᠲᠠᠭᠠᠯ ᠳᠤ ᠨᠡᠶᠢᠴᠡᠬᠦᠯᠬᠦ ᠭᠤᠷᠪᠠᠳᠠᠭᠢ ᠡᠲᠡᠭᠡᠳ ᠤᠨ ᠬᠢᠨᠠᠯᠲᠠ ᠲᠠᠯᠪᠢᠵᠤ ᠦᠨᠡᠯᠡᠨ ᠵᠢᠱᠢᠬᠦ ᠲᠣᠭᠲᠠᠴᠠ ᠶᠢ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠨ ᠲᠠᠷᠬᠠᠭᠠᠵᠤ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠢ ᠲᠣᠭᠲᠠᠭᠠᠯ ᠳᠤ ᠨᠡᠶᠢᠴᠡᠬᠦᠯᠬᠦ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠦᠨᠡᠨ ᠬᠦ ᠪᠠᠲᠤᠯᠠᠪᠠ᠂ ᠲᠣᠰ ᠠᠷᠭ᠎ᠠ ᠬᠡᠮᠵᠢᠶ᠎ᠡ ᠨᠢ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠥᠭᠡᠷᠡᠴᠢᠯᠡᠯᠲᠡ ᠶᠢᠨ ᠠᠵᠢᠯ ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠦᠨᠡᠨ ᠬᠦ ᠴᠢᠩᠭᠠᠳᠬᠠᠵᠤ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠢ ᠲᠣᠭᠲᠠᠭᠠᠯ ᠳᠤ ᠨᠡᠶᠢᠴᠡᠬᠦᠯᠬᠦ ᠥᠭᠡᠷᠡᠴᠢᠯᠡᠯᠲᠡ ᠶᠢᠨ ᠠᠵᠢᠯ ᠤᠨ ᠭᠦᠨᠵᠡᠭᠡᠢ᠂ ᠥᠨᠳᠥᠷ ᠪᠦᠲᠦᠮᠵᠢᠲᠡᠶ ᠥᠷᠨᠢᠬᠦ ᠶᠢ ᠠᠬᠢᠭᠤᠯᠪᠠ᠃       ︽ᠠᠵᠤ ᠠᠬᠤᠶᠢᠯᠠᠯ ᠢ ᠬᠠᠮᠠᠭᠠᠯᠠᠬᠤ᠂ ᠠᠷᠠᠳ ᠤᠨ ᠠᠮᠢᠳᠤᠷᠠᠯ ᠢ ᠬᠠᠮᠠᠭᠠᠯᠠᠬᠤ ᠭᠠᠭᠴᠠᠮᠣᠳᠤ ᠬᠢᠯᠢ ᠶᠢᠨ ᠪᠣᠭᠤᠮᠲᠠ ᠶᠢᠨ ᠪᠠᠶᠢᠴᠠᠭᠠᠬᠤ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯ ᠤᠨ ᠦᠷᠳᠡᠭᠡ︾ ᠪᠠᠶᠢᠭᠤᠯᠤᠭᠳᠠᠪᠠ       ᠤᠯᠠᠨ ᠲᠠᠯ᠎ᠠ ᠪᠠᠷ ᠬᠠᠮᠵᠢᠯᠴᠠᠵᠤ ᠬᠢᠯᠢ ᠶᠢᠨ ᠪᠣᠭᠤᠮᠲᠠ ᠶᠢᠨ ᠨᠡᠷᠡᠳᠦ ᠲᠡᠮᠳᠡᠭ ᠢ ᠬᠢᠯᠠᠯᠵᠠᠭᠤᠯᠪᠠ       4 ᠰᠠᠷ᠎ᠠ ᠶᠢᠨ 19 ᠤ ᠡᠳᠦᠷ᠂ ᠪᠠᠶᠠᠨᠨᠠᠭᠤᠷ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠭᠠᠭᠴᠠᠮᠤᠳᠤ ᠬᠢᠯᠢ ᠶᠢᠨ ᠪᠣᠭᠤᠮᠲᠠ ᠳᠤ ︽ᠠᠵᠤ ᠠᠬᠤᠶᠢᠯᠠᠯ ᠢ ᠬᠠᠮᠠᠭᠠᠯᠠᠬᠤ᠂ ᠠᠷᠠᠳ ᠤᠨ ᠠᠮᠢᠳᠤᠷᠠᠯ ᠢ ᠬᠠᠮᠠᠭᠠᠯᠠᠬᠤ ᠭᠠᠭᠴᠠᠮᠣᠳᠤ ᠬᠢᠯᠢ ᠶᠢᠨ ᠪᠣᠭᠤᠮᠲᠠ ᠶᠢᠨ ᠪᠠᠶᠢᠴᠠᠭᠠᠬᠤ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯ ᠤᠨ ᠦᠷᠳᠡᠭᠡ︾ ᠶᠢᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃       ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠪᠠᠶᠢᠭᠤᠯᠭ᠎ᠠ ︽ᠬᠢᠯᠢ ᠶᠢᠨ ᠪᠣᠭᠤᠮᠲᠠ ᠶᠢᠨ ᠪᠠᠶᠢᠴᠠᠭᠠᠬᠤ ᠠᠵᠢᠯ ᠤᠨ ᠨᠢᠭᠡᠳᠦᠯᠲᠡᠢ ᠠᠵᠢᠯᠯᠠᠭ᠎ᠠ︾ ᠶᠢ ᠥᠷᠨᠢᠭᠦᠯᠦᠭᠰᠡᠨ ᠠᠴᠠ ᠨᠠᠰᠢ᠂ ᠤᠷᠠᠳ ᠤᠨ ᠳᠤᠮᠳᠠᠳᠤ ᠬᠤᠰᠢᠭᠤᠨ ᠤ ᠪᠠᠶᠢᠴᠠᠭᠠᠬᠤ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ︽ᠪᠠᠶᠢᠴᠠᠭᠠᠬᠤ ᠪᠠᠶᠢᠭᠤᠯᠭ᠎ᠠ ᠠᠵᠤ ᠠᠬᠤᠶᠢᠯᠠᠯ ᠢ ᠬᠠᠮᠠᠭᠠᠯᠠᠬᠤ︾ ︽ᠪᠠᠶᠢᠴᠠᠭᠠᠬᠤ ᠪᠠᠶᠢᠭᠤᠯᠭ᠎ᠠ ᠠᠷᠠᠳ ᠤᠨ ᠠᠮᠢᠳᠤᠷᠠᠯ ᠢ ᠬᠠᠮᠠᠭᠠᠯᠠᠬᠤ︾ ᠦᠢᠯᠡᠴᠢᠯᠡᠭᠡᠨ ᠤ ᠠᠵᠢᠯ ᠤᠨ ᠥᠷᠲᠡᠭᠡ ᠶᠢ ᠪᠠᠶᠢᠭᠤᠯᠪᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠠᠵᠢᠯᠯᠠᠬᠤ ᠥᠷᠲᠡᠭᠡ ᠨᠢ ᠬᠢᠯᠢ ᠶᠢᠨ ᠪᠣᠭᠤᠮᠲᠠ ᠶᠢᠨ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠦᠢᠯᠡᠴᠢᠯᠡᠭᠡ ᠪᠠ ᠵᠢᠯᠣᠭᠤᠳᠤᠯᠭ᠎ᠠ ᠬᠠᠩᠭᠠᠵᠤ᠂ ᠠᠵᠤ ᠠᠬᠤᠶᠢᠯᠠᠯ ᠢ ᠬᠠᠪᠰᠤᠷᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠠᠭ ᠲᠤᠬᠠᠢ ᠳᠤᠨᠢ ᠣᠶᠢᠯᠠᠭᠠᠭᠤᠯᠵᠤ᠂ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠪᠡ᠃ ᠡᠭᠦᠨ ᠤ ᠬᠠᠮᠲᠤ ᠬᠠᠤᠯᠢ ᠴᠠᠭᠠᠵᠠ ᠶᠢᠨ ᠵᠢᠷᠤᠮᠵᠢᠯ ᠢ ᠰᠢᠯᠢᠳᠡᠭᠵᠢᠭᠦᠯᠵᠦ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠪᠠ ᠰᠣᠯᠢᠯᠴᠠᠭ᠎ᠠ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠣᠯᠠᠨ ᠪᠠᠶᠢᠭᠤᠯᠭ᠎ᠠ ᠨᠢᠭᠡᠴᠢ ᠲᠠᠢ ᠬᠤᠯᠪᠤᠭᠠᠯᠠᠨ ᠠᠵᠤ ᠠᠬᠤᠶᠢᠯᠠᠯ ᠳᠤ ᠬᠦᠨᠵᠡᠭᠡᠶᠢᠷᠡᠬᠦ ᠠᠷᠭ᠎ᠠ ᠮᠠᠶ᠋ᠢᠭ ᠢᠶᠠᠷ ︽ᠬᠡᠷᠡᠭᠴᠡᠭᠡ ᠶᠢ ᠠᠵᠤ ᠠᠬᠤᠶᠢᠯᠠᠯ ᠠᠴᠠ ᠠᠰᠠᠭᠤᠵᠤ︾ ︽ᠠᠷᠭ᠎ᠠ ᠪᠣᠳᠣᠯᠭ᠎ᠠ ᠶᠢ ᠠᠵᠤ ᠠᠬᠤᠶᠢᠯᠠᠯ ᠠᠴᠠ ᠠᠰᠠᠭᠤᠵᠤ︾᠂ ᠠᠳᠠᠯᠢ ᠪᠤᠰᠤ ᠲᠦᠷᠦᠯ ᠤᠨ ᠠᠵᠤ ᠠᠬᠤᠶᠢᠯᠠᠯ ᠤᠨ ᠬᠠᠤᠯᠢ ᠪᠠᠷ ᠵᠠᠰᠠᠬᠤ ᠬᠡᠷᠡᠭᠴᠡᠭᠡ ᠶᠢ ᠭᠦᠨᠵᠡᠭᠡᠢ ᠣᠶᠢᠯᠠᠭᠠᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠦᠢᠯᠡᠴᠢᠯᠡᠭᠡᠨ ᠤ ᠪᠣᠳᠠᠲᠤ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠶᠠᠷᠢᠯᠴᠠᠬᠤ ᠬᠤᠷᠠᠯ᠂ ᠰᠤᠳᠤᠯᠤᠨ ᠶᠠᠷᠢᠯᠴᠠᠬᠤ ᠬᠤᠷᠠᠯ ᠬᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠤᠬᠠᠢ ᠠᠵᠤ ᠠᠬᠤᠶᠢᠯᠠᠯ ᠤᠨ ᠰᠠᠨᠠᠯ ᠪᠠ ᠰᠠᠨᠠᠭᠤᠯᠭ᠎ᠠ ᠶᠢ ᠰᠣᠨᠣᠰᠴᠤ᠂ ᠪᠠᠶᠢᠴᠠᠭᠠᠬᠤ ᠠᠵᠢᠯ ᠤᠨ ᠡᠭᠦᠷᠭᠡ ᠲᠤᠰᠢᠶᠠᠯ ᠢᠶᠠᠨ ᠴᠢᠨᠠᠷ ᠰᠠᠶᠢᠲᠠᠢ ᠦᠷ᠎ᠡ ᠪᠦᠲᠦᠮᠵᠢ ᠲᠠᠢ ᠭᠦᠢᠴᠡᠳᠬᠡᠬᠦ ᠪᠠᠷ ᠲᠤᠰᠬᠠᠢ ᠲᠦᠷᠦᠯ ᠤᠨ ᠠᠵᠢᠯᠯᠠᠭ᠎ᠠ᠂ ᠲᠤᠰᠬᠠᠢ ᠲᠦᠷᠦᠯ ᠤᠨ ᠬᠢᠨᠠᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃       ᠬᠢᠯᠢ ᠶᠢᠨ ᠪᠣᠭᠤᠮᠲᠠ ᠶᠢᠨ ᠪᠠᠶᠢᠴᠠᠭᠠᠬᠤ ᠠᠵᠢᠯ ᠤᠨ ᠨᠢᠭᠡᠳᠦᠯᠲᠡᠢ ᠠᠵᠢᠯᠯᠠᠭ᠎ᠠ ᠶᠢ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠢ ᠨᠢᠭᠲᠠ ᠤᠶᠠᠯᠳᠤᠭᠤᠯᠬᠤ ᠶᠢᠨ ᠲᠥᠯᠥᠭᠡ᠂ ᠤᠷᠠᠳ ᠤᠨ ᠳᠤᠮᠳᠠᠳᠤ ᠬᠤᠰᠢᠭᠤᠨ ᠤ ᠪᠠᠶᠢᠴᠠᠭᠠᠬᠤ ᠬᠤᠷᠢᠶ᠎ᠠ ᠦᠢᠯᠡᠴᠢᠯᠡᠭᠡᠨ ᠤ ᠠᠭᠤᠯᠭ᠎ᠠ ᠪᠠᠨ ᠲᠠᠰᠤᠷᠠᠯᠲᠠ ᠦᠭᠡᠢ ᠥᠷᠭᠡᠳᠬᠡᠵᠦ᠂ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠤᠷᠢᠳ ᠬᠤᠵᠢᠳ ᠭᠠᠭᠴᠠᠮᠣᠳᠤ ᠬᠢᠯᠢ ᠶᠢᠨ ᠪᠣᠭᠤᠮᠲᠠ᠂ ᠬᠢᠯᠢ ᠶᠢᠨ ᠪᠣᠭᠤᠮᠲᠠ ᠶᠢᠨ ᠪᠣᠯᠪᠠᠰᠤᠷᠠᠭᠤᠯᠤᠯᠳᠠ ᠶᠢᠨ ᠲᠣᠭᠤᠷᠢᠭ ᠲᠤ ︽ᠬᠢᠯᠢ ᠶᠢᠨ ᠪᠣᠭᠤᠮᠲᠠ ᠶᠢᠨ ᠪᠠᠶᠢᠴᠠᠭᠠᠬᠤ ᠠᠵᠢᠯ ᠤᠨ ᠲᠠᠰᠤᠭ︾ ︽ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠲᠠᠰᠤᠭ︾ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠᠶᠢᠴᠠᠭᠠᠬᠤ ᠪᠠᠶᠢᠭᠤᠯᠭ᠎ᠠ ᠶᠢᠨ ᠠᠵᠢᠯ ᠤᠨ ᠦᠷᠳᠡᠭᠡ︾ ᠶᠢ ᠪᠠᠶᠢᠭᠤᠯᠤᠭᠰᠠᠨ ᠪᠥᠭᠡᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠳᠤᠷᠠᠨ ᠬᠢᠯᠢ ᠶᠢᠨ ᠪᠣᠭᠤᠮᠲᠠ ᠶᠢᠨ ᠪᠣᠯᠪᠠᠰᠤᠷᠠᠭᠤᠯᠤᠯᠳᠠ ᠶᠢᠨ ᠲᠣᠭᠤᠷᠢᠭ ᠤᠨ ᠠᠵᠤ ᠠᠬᠤᠶᠢᠯᠠᠯ ᠳᠤ ᠦᠢᠯᠡᠴᠢᠯᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠪᠠ᠃ ᠲᠣᠰ ᠬᠤᠷᠢᠶ᠎ᠠ ᠬᠢᠯᠢ ᠶᠢᠨ ᠪᠣᠭᠤᠮᠲᠠ ᠶᠢᠨ ᠪᠠᠶᠢᠩᠭᠤ ᠶᠢᠨ ᠪᠠᠶᠢᠴᠠᠭᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠵᠤ᠂ ᠤᠷᠢᠳ ᠬᠤᠵᠢᠳ 12 ᠵᠦᠢᠯ ᠤᠨ ᠡᠯ᠎ᠡ ᠲᠥᠷᠥᠯ ᠤᠨ ᠬᠡᠷᠡᠭ ᠤᠨ ᠰᠦᠪᠡᠭᠴᠢ ᠶᠢ ᠬᠤᠷᠢᠶᠠᠨ ᠣᠯᠣᠭᠰᠠᠨ ᠪᠠ ᠢᠯᠡᠷᠡᠭᠦᠯᠵᠤ᠂ ᠡᠮᠬᠢᠯᠡᠨ ᠲᠢᠭᠯᠡᠬᠦ ᠪᠠᠷ ᠳᠡᠮᠵᠢᠨ᠂ ᠣᠳᠣᠬᠠᠨ ᠳᠤ ᠬᠢᠯᠢ ᠶᠢᠨ ᠪᠣᠭᠤᠮᠲᠠ ᠳᠤ ᠬᠤᠯᠪᠣᠭᠳᠠᠭᠰᠠᠨ ᠡᠷᠡᠭᠦᠦ ᠶᠢᠨ ᠬᠡᠷᠡᠭ 1᠂ ᠡᠷᠡᠭᠦᠦ ᠶᠢᠨ ᠬᠡᠷᠡᠭ ᠤᠨ ᠪᠠᠶᠢᠴᠠᠭᠠᠵᠤ ᠬᠢᠨᠠᠯᠲᠠ ᠲᠠᠯᠪᠢᠬᠤ ᠬᠡᠷᠡᠭ 1᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ 4 ᠶᠢ ᠰᠢᠢᠳᠪᠦᠷᠢᠯᠡᠵᠦ ᠪᠣᠶ︔ ᠪᠣᠭᠤᠮᠲᠠ ᠶᠢᠨ ᠪᠣᠯᠪᠠᠰᠤᠷᠠᠭᠤᠯᠤᠯᠳᠠ ᠶᠢᠨ ᠲᠣᠭᠤᠷᠢᠭ ᠲᠤ ︽ᠶᠡᠭᠡ ᠪᠠᠷ ᠰᠤᠷᠪᠤᠯᠵᠢᠯᠠᠬᠤ᠂ ᠶᠡᠭᠡ ᠪᠠᠷ ᠪᠠᠶᠢᠴᠠᠭᠠᠨ ᠰᠤᠳᠤᠯᠬᠤ᠂ ᠶᠡᠭᠡ ᠪᠠᠷ ᠦᠢᠯᠡᠴᠢᠯᠡᠬᠦ᠂ ᠶᠡᠭᠡ ᠪᠠᠷ ᠠᠰᠠᠭᠤᠳᠠᠯ ᠢ ᠰᠢᠢᠳᠪᠦᠷᠢᠯᠡᠬᠦ · ᠵᠠᠭᠤᠨ ᠺᠠᠳ᠋ᠷ ᠵᠠᠭᠤᠨ ᠠᠵᠤ ᠠᠬᠤᠶᠢᠯᠠᠯ ᠢ ᠬᠠᠪᠰᠤᠷᠬᠤ︾ ᠰᠢᠷᠢᠰ ᠠᠵᠢᠯᠯᠠᠭ᠎ᠠ ᠶᠢ ᠥᠷᠨᠢᠭᠦᠯᠵᠦ᠂ ᠬᠠᠤᠯᠢ ᠪᠠᠷ ᠵᠠᠰᠠᠬᠤ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ᠂ ᠲᠤᠰ ᠲᠤᠰ ᠲᠤᠨᠢ ᠲᠤᠬᠢᠷᠠᠭᠤᠯᠤᠨ ᠦᠢᠯᠡᠴᠢᠯᠡᠬᠦ ᠪᠠᠷ ᠳᠠᠮᠵᠢᠨ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠦᠬᠦᠴᠡᠯ ᠢ ᠦᠨᠡᠨᠬᠦ ᠰᠢᠯᠢᠳᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠠ᠃       ᠬᠢᠯᠢ ᠶᠢᠨ ᠪᠣᠭᠤᠮᠲᠠ ᠶᠢᠨ ᠪᠠᠶᠢᠴᠠᠭᠠᠬᠤ ᠠᠵᠢᠯ ᠤᠨ ᠨᠢᠭᠡᠳᠦᠯᠲᠡᠢ ᠠᠵᠢᠯᠯᠠᠭᠠᠨ ᠤ ᠰᠢᠨ᠎ᠡ ᠠᠶᠠᠨ ᠵᠠᠮ ᠳᠤ᠂ ᠤᠷᠠᠳ ᠤᠨ ᠳᠤᠮᠳᠠᠳᠤ ᠬᠤᠰᠢᠭᠤᠨ ᠤ ᠪᠠᠶᠢᠴᠠᠭᠠᠬᠤ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠯᠢ ᠶᠢᠨ ᠪᠣᠭᠤᠮᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠨ᠂ ᠰᠦᠪᠡᠭᠴᠢᠯᠡᠬᠦ ᠶᠢᠨ ᠳᠠᠭᠠᠤ ᠠᠬᠢᠭᠤᠯᠵᠤ᠂ ᠨᠠᠶᠢᠳᠠᠪᠤᠷᠢᠵᠢᠭᠤᠯᠬᠤ ᠶᠢᠨ ᠳᠠᠭᠠᠤ ᠭᠦᠨᠵᠡᠭᠡᠶᠢᠷᠡᠭᠦᠯᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠳᠠ ᠳᠤ ᠦᠢᠯᠡᠴᠢᠯᠡᠬᠦ ᠪᠠ ᠪᠠᠲᠤᠯᠠᠭ᠎ᠠ ᠬᠠᠩᠭᠠᠬᠤ ᠳᠤ ᠬᠦᠴᠦᠨ ᠴᠢᠳᠠᠯ ᠢᠶᠠᠨ ᠡᠷᠭᠦᠵᠤ ᠪᠤᠢ᠃  
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ