ᠤᠷᠠᠳ ᠤᠨ ᠳᠤᠮᠳᠠᠳᠤ  ᠬᠤᠰᠢᠭᠤᠨ ᠤ  ᠪᠠᠶᠠᠨ ᠵᠠᠮ ᠨᠡᠶᠢᠭᠡᠮ ᠲᠣᠭᠤᠷᠢᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢ ᠰᠠᠶᠢᠳᠤᠷ ᠦᠢᠯᠡᠳᠦᠯᠭᠡᠵᠢᠭᠦᠯᠵᠦ ᠪᠣᠢ
ᠨᠡᠶᠢᠲᠡᠯᠡᠭᠰᠡᠨ ᠴᠠᠭ᠄
2024/6/21
      ᠪᠠᠶᠠᠨ ᠵᠠᠮ ᠨᠡᠶᠢᠭᠡᠮ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ︽ᠪᠦᠯᠬᠦᠮᠳᠡᠨ ᠳᠠᠪᠰᠢᠬᠤ᠂ ᠡᠷᠬᠡ ᠲᠡᠭᠰᠢ ᠬᠠᠷᠢᠯᠴᠠᠨ ᠬᠠᠪᠰᠤᠷᠤᠯᠴᠠᠬᠤ᠂ ᠡᠶ᠎ᠡ ᠵᠣᠬᠢᠴᠠᠯ ᠲᠠᠢ ᠪᠠᠷ ᠬᠥᠭᠵᠢᠬᠦ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠭᠤᠣᠯ ᠰᠡᠳᠦᠪ ᠤᠨ ᠲᠣᠭᠤᠷᠢᠨ ᠳᠤ᠂ ᠨᠡᠶᠢᠭᠡᠮ ᠲᠣᠭᠤᠷᠢᠭ ᠤᠨ ᠵᠠᠰᠠᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠨᠡᠶᠢᠭᠡᠮ ᠲᠣᠭᠤᠷᠢᠭ ᠲᠤ ᠪᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠡᠴᠡᠭᠡᠰ ᠢ ᠳᠡᠯᠭᠡᠷᠡᠭᠦᠯᠵᠦ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠡᠶ᠎ᠡ ᠵᠣᠬᠢᠴᠠᠯ ᠲᠠᠢ ᠪᠠᠷ ᠴᠤᠭᠯᠠᠷᠠᠨ ᠰᠠᠭᠤᠷᠢᠰᠢᠭᠰᠠᠨ ᠠᠮᠢᠳᠤᠯᠢᠭ ᠰᠠᠶᠢᠬᠠᠨ ᠳᠦᠷᠢ ᠳᠦᠷᠬᠦ  ᠶᠢ ᠪᠣᠢ ᠪᠣᠯᠭᠠᠵᠣ ᠪᠠᠶᠢᠨ᠃       ᠬᠠᠯᠢᠭᠤᠲᠤ ᠪᠠᠯᠭᠠᠰᠤᠨ ᠤ ᠪᠠᠶᠠᠨ ᠵᠠᠮ ᠨᠡᠶᠢᠭᠡᠮ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠬᠤ ᠦᠵᠡᠭᠦᠯᠦᠯᠭᠡ ᠶᠢᠨ ᠲᠢᠩᠬᠢᠮ ᠳᠤ ᠬᠦᠷᠬᠦ ᠳᠤ᠂ ᠬᠡᠷᠡᠮ ᠬᠠᠨᠠᠨ ᠳᠡᠭᠡᠷ᠎ᠡ ᠨᠢ ᠰᠠᠭᠤᠭᠠᠯᠢ ᠠᠷᠠᠳ ᠤᠳ ᠤᠨ ᠨᠡᠶᠢᠭᠡᠮ ᠲᠣᠭᠤᠷᠢᠭ ᠤᠨ ᠬᠦᠳᠡᠯᠭᠡᠭᠡᠨ ᠳᠤ ᠣᠷᠣᠯᠴᠠᠭᠰᠠᠨ ᠡᠯ᠎ᠡ ᠵᠦᠢᠯ ᠤᠨ ᠪᠠᠶᠢᠳᠠᠯ ᠢ ᠵᠢᠷᠤᠭᠯᠠᠨ ᠲᠡᠮᠳᠡᠭᠯᠡᠵᠦ᠂ ᠰᠠᠭᠤᠭᠠᠯᠢ ᠠᠷᠠᠳ ᠤᠨ ᠬᠠᠮᠲᠤ ᠪᠠᠷ ᠰᠠᠭᠤᠷᠢᠰᠢᠨ ᠠᠮᠢᠳᠤᠷᠠᠵᠤ᠂ ᠬᠠᠮᠲᠤ ᠪᠠᠷ ᠦᠭᠡᠳᠡᠯᠡᠨ ᠴᠡᠩᠭᠡᠯᠳᠦᠭᠰᠡᠨ ᠪᠠᠶᠢᠳᠠᠯ ᠢ ᠠᠮᠢᠳᠤᠯᠢᠭ ᠢᠶᠠᠷ ᠳᠡᠯᠭᠡᠨ ᠦᠵᠡᠭᠦᠯᠵᠦ᠂ ᠳᠦᠷᠰᠦ ᠰᠢᠩᠭᠡᠭᠡᠯᠲᠡ᠂ ᠵᠢᠷᠤᠭᠲᠤ ᠲᠠᠶᠢᠯᠤᠮᠵᠢ ᠵᠡᠷᠭᠡ ᠬᠡᠯᠪᠡᠷᠢ ᠪᠠᠷ ᠡᠯ᠎ᠡ ᠦᠨᠳᠦᠰᠦᠲᠡᠨ ᠤ ᠤᠯᠠᠨ ᠲᠦᠮᠡᠨ ᠬᠠᠮᠲᠤ ᠪᠠᠷ ᠭᠠᠷ ᠭᠠᠷ ᠢᠶᠠᠨ ᠬᠤᠯᠪᠣᠯᠴᠠᠨ ᠦᠨᠳᠦᠰᠦᠲᠡᠨ ᠤ ᠪᠦᠯᠬᠦᠮᠳᠡᠯ ᠨᠦᠬᠦᠷᠯᠡᠯ ᠢᠶᠠᠨ ᠴᠢᠩᠭᠠᠳᠬᠠᠭᠰᠠᠨ ᠦᠯᠢᠭᠡᠷ ᠲᠡᠤᠬᠡ ᠶᠢ ᠲᠡᠮᠳᠡᠭᠯᠡᠭᠰᠡᠨ ᠪᠠᠶᠢᠳᠠᠭ᠃       ᠡᠳᠡᠭᠡᠷ ᠵᠢᠱᠢᠶᠡᠴᠢ ᠬᠥᠮᠥᠰ ᠤᠨ ᠦᠢᠯᠡ ᠠᠵᠢᠯᠯᠠᠭ᠎ᠠ ᠶᠢ ᠣᠶᠢᠯᠠᠭᠠᠭᠠᠳ᠂ ᠪᠢᠳᠡ ᠴᠤ ᠵᠠᠪᠠᠯ ᠲᠡᠳᠡᠨ ᠠᠴᠠ ᠲᠠᠭᠠᠨ ᠰᠤᠷᠤᠯᠴᠠᠬᠤ ᠶᠢᠨ ᠬᠠᠮᠲᠤ ᠬᠡᠦᠬᠡᠳ ᠳᠡᠭᠦᠦ ᠨᠠᠷ ᠢᠶᠠᠨ ᠴᠤ ᠢᠯᠡᠭᠦᠬᠡᠨ ᠰᠤᠷᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠶᠠᠭ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠶ᠎ᠡ ᠭᠡᠰᠡᠨ ᠲᠦᠷᠦᠭᠳᠡᠯ ᠲᠠᠢ ᠪᠣᠯᠪᠠ᠃       ᠪᠠᠶᠠᠨ ᠵᠠᠮ ᠨᠡᠶᠢᠭᠡᠮ ᠲᠣᠭᠤᠷᠢᠭ ᠤᠨ ᠬᠠᠷᠢᠶ᠎ᠠ ᠲᠠᠯᠠᠪᠠᠶ ᠨᠢ 1.5 ᠲᠡᠭᠰᠢ ᠳᠥᠷᠪᠡᠯᠵᠢᠨ  ᠺᠢᠯᠣᠮᠧᠲᠷ᠂ 3351 ᠡᠷᠦᠬᠡ᠂ 5920 ᠬᠦᠮᠦᠨ ᠠᠮᠠ ᠲᠠᠢ᠃ 2016 ᠣᠨ ᠳᠤ᠂ ᠬᠠᠯᠢᠭᠤᠲᠤ ᠪᠠᠯᠭᠠᠰᠤ ᠶᠢᠨ ᠪᠠᠶᠠᠨ ᠵᠠᠮ ᠨᠡᠶᠢᠭᠡᠮ ᠲᠣᠭᠤᠷᠢᠭ ᠥᠪᠡᠷᠲᠡᠭᠡᠨ ᠵᠠᠰᠠᠬᠤ ᠣᠷᠣᠨ ᠤ ᠲᠡᠰ ᠤᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢᠶᠠᠷ ᠦᠨᠡᠯᠡᠭᠳᠡᠪᠡ᠃ ᠣᠯᠠᠨ ᠵᠢᠯ ᠤᠨ ᠲᠤᠷᠰᠢ᠂ ᠨᠡᠶᠢᠭᠡᠮ ᠲᠣᠭᠤᠷᠢᠭ ᠨᠢ ︽ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢᠨ ᠵᠢᠱᠢᠶ᠎ᠡ ᠦᠵᠡᠭᠦᠯᠬᠦ︾ ᠶᠢ ᠡᠭᠦᠳᠦᠨ ᠪᠠᠶᠢᠭᠤᠯᠬᠤ ᠠᠵᠢᠯ ᠢᠶᠠᠷ ᠲᠠᠪᠴᠠᠩ ᠪᠣᠯᠭᠠᠵᠤ᠂ ᠬᠠᠮᠢᠶᠠᠷᠤᠯᠲᠠ ᠦᠢᠯᠡᠴᠢᠯᠡᠭᠡ ᠶᠢ ᠨᠠᠷᠢᠯᠢᠭᠵᠢᠭᠤᠯᠬᠤ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠦᠨᠡᠨ ᠰᠡᠳᠬᠢᠯ ᠠᠴᠠ ᠪᠠᠨ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾  ᠵᠠᠮ ᠢ ᠨᠡᠪᠲᠡᠷᠡᠭᠦᠯᠵᠡᠢ᠃ ᠵᠣᠬᠢᠶᠠᠨ ᠪᠠᠶᠢᠭᠤᠯᠤᠯᠲᠠ ᠪᠠᠨ ᠲᠡᠭᠦᠯᠳᠡᠷᠵᠢᠭᠦᠯᠬᠦ ᠪᠠᠷ ᠳᠡᠮᠵᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠨᠠᠮ ᠤᠨ ᠪᠠᠶᠢᠭᠤᠯᠤᠯᠲᠠ ᠶᠢᠨ ᠵᠢᠯᠣᠭᠤᠳᠤᠮᠵᠢ ᠪᠠᠷ ᠵᠡᠷᠭᠡᠪᠡᠷ ᠠᠬᠢᠭᠤᠯᠵᠤ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠵᠦ᠂ ᠣᠷᠣᠨ ᠲᠣᠭᠤᠷᠢᠭᠴᠢᠯᠠᠨ ᠬᠠᠮᠢᠶᠠᠷᠴᠤ᠂ ᠤᠬᠠᠭᠤᠯᠭ᠎ᠠ ᠶᠢᠨ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠰᠢᠨᠡᠳᠬᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ᠂ ᠦᠨᠳᠦᠰᠦᠲᠡᠨ ᠤ ᠪᠦᠯᠬᠦᠮᠳᠡᠯ ᠤᠨ ᠦᠵᠡᠭᠦᠯᠦᠯᠭᠡ ᠶᠢᠨ ᠲᠢᠩᠬᠢᠮ ᠢ ᠨᠠᠷᠢᠨ ᠨᠢᠮᠪᠠᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠰᠢᠷᠢᠰ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠬᠦ ᠵᠡᠷᠭᠡ ᠣᠯᠠᠨ ᠵᠦᠢᠯ ᠤᠨ ᠠᠷᠭ᠎ᠠ ᠠᠪᠴᠠᠯ ᠢᠶᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠣᠯᠠᠨ ᠲᠠᠰ ᠳᠠᠪᠬᠤᠷᠭ᠎ᠠ ᠪᠠᠷ᠂ ᠪᠣᠰᠤᠭ᠎ᠠ ᠴᠣᠭᠴᠠᠵᠢᠭᠤᠯᠤᠨ᠂ ᠪᠥᠬᠦ ᠲᠠᠯ᠎ᠠ ᠪᠠᠷ ᠥᠷᠨᠢᠭᠦᠯᠵᠦ᠂ ᠡᠭᠦᠳᠦᠨ ᠪᠠᠶᠢᠭᠤᠯᠬᠤ ᠠᠵᠢᠯᠯᠠᠭ᠎ᠠ ᠶᠢ ᠦᠨᠳᠦᠰᠦᠨ ᠱᠠᠲᠤ ᠲᠡᠶᠢᠰᠢ ᠦᠷᠭᠦᠯᠵᠢᠯᠡᠭᠦᠯᠬᠦ ᠶᠢ ᠦᠷᠭᠦᠯᠵᠢᠯᠡᠨ ᠭᠦᠨᠵᠡᠭᠡᠢ ᠲᠦᠯᠬᠢᠨ ᠠᠬᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠥᠬᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠪᠠ᠃ ᠡᠭᠦᠨ ᠤ ᠵᠡᠷᠭᠡ ᠳᠤ ᠬᠠᠪᠰᠤᠷᠤᠨ ᠲᠡᠳᠬᠦᠬᠦ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠦᠨᠳᠦᠰᠦᠲᠡᠨ ᠤ ᠪᠦᠯᠬᠦᠮᠳᠡᠯ ᠤᠨ ᠭᠡᠷ ᠪᠦᠯᠢ︾ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠭᠴᠠ ᠶᠢ ᠪᠤᠶ ᠪᠣᠯᠭᠠᠵᠤ᠂ ︽ᠮᠣᠩᠭᠤᠯ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ ᠲᠤ ᠪᠠᠰᠠ ᠰᠠᠭᠤᠭᠠᠯᠢ ᠠᠷᠠᠳ ᠤᠨ ᠵᠥᠷᠢᠴᠡᠯ ᠮᠠᠷᠭᠤᠯᠳᠤᠭᠠᠨ ᠢ ᠵᠣᠬᠢᠴᠠᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠭ᠎ᠠ ᠠᠩᠭᠢ ᠶᠢ ᠪᠠᠶᠢᠭᠤᠯᠵᠤ᠂ ︽ᠨᠢᠭᠡ ᠳᠤ ᠨᠢᠭᠡ ᠪᠠᠷ ᠬᠠᠨᠳᠤᠭᠤᠯᠬᠤ︾ ︽ᠣᠯᠠᠨ ᠢᠶᠠᠷ ᠨᠢᠭᠡ ᠳᠤ ᠬᠠᠨᠳᠤᠭᠤᠯᠬᠤ︾ ᠶᠢᠨ ᠬᠠᠪᠰᠤᠷᠤᠨ ᠲᠡᠳᠬᠦᠬᠦ ᠦᠢᠯᠡᠴᠢᠯᠡᠭᠡ ᠶᠢ ᠥᠷᠨᠢᠭᠦᠯᠵᠦ᠂ ᠬᠠᠷᠢᠶ᠎ᠠ ᠲᠣᠭᠤᠷᠢᠭ ᠤᠨ ᠥᠨᠥᠴᠢᠨ ᠦᠷᠦᠭᠡᠰᠦᠨ᠂ ᠭᠠᠭᠴᠠ ᠪᠡᠶ᠎ᠡ ᠪᠡᠯᠪᠡᠰᠦᠨ ᠬᠦᠭᠰᠢᠨ ᠨᠠᠰᠤᠲᠠᠳ ᠲᠤ ︽ᠵᠢᠷᠭᠤᠭ᠎ᠠ ᠶᠢ ᠬᠦᠷᠭᠡᠬᠦ︾ ︵ᠢᠳᠡᠭᠡᠨ ᠤᠮᠳᠠᠭᠠᠨ᠂ ᠭᠡᠷ ᠤᠨ ᠴᠡᠪᠡᠷᠯᠡᠭᠡ᠂ ᠡᠮ ᠡᠮᠨᠡᠯᠭᠡ᠂ ᠬᠠᠯᠠᠮᠵᠢᠯᠠᠯ᠂ ᠲᠡᠳᠬᠦᠮᠵᠢ ᠲᠣᠬᠤᠨᠢᠭᠤᠯᠤᠯ᠂ ᠤᠳᠬ᠎ᠠ ᠤᠷᠠᠯᠢᠭ ᠢ ᠬᠦᠷᠭᠡᠬᠦ︶ ᠦᠢᠯᠡᠴᠢᠯᠡᠭᠡ ᠬᠠᠩᠭᠠᠭᠰᠠᠨ ᠪᠠᠶᠢᠨ᠎ᠠ᠃  
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ