︽ᠪᠠᠶᠠᠨᠨᠠᠭᠤᠷ ᠨᠢᠰᠬᠡᠯ ᠤᠨ ᠪᠠᠭᠤᠳᠠᠯ ᠤᠨ ᠴᠡᠪᠡᠷ ᠠᠭᠠᠷ ᠵᠢᠴᠢ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠢ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠭᠠᠯ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/6/21
      ᠣᠶᠢᠷ᠎ᠠ ᠳᠤ᠂ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠪᠠᠶᠠᠨᠨᠠᠭᠤᠷ ᠬᠤᠲᠠ ᠶᠢᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠵᠢᠴᠢ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠤ ᠬᠠᠮᠠᠭᠠᠯᠠᠯᠲᠠ ᠬᠠᠮᠢᠶᠠᠷᠤᠯᠲᠠ ᠶᠢᠨ ᠲᠣᠭᠲᠠᠭᠠᠯ︾ ︵ᠳᠣᠷᠣᠭᠰᠢ ︽ᠬᠠᠮᠢᠶᠠᠷᠤᠯᠲᠠ ᠶᠢᠨ ᠲᠣᠭᠲᠠᠭᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ︽ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠡ᠃      ᠨᠢᠭᠡ᠂ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ      ᠨᠢᠰᠬᠡᠯ ᠤᠨ ᠪᠠᠭᠤᠳᠠᠯ ᠨᠢ ᠬᠤᠲᠠ ᠶᠢᠨ ᠫᠣᠷᠲ᠋ᠠᠯ ᠤᠨ ᠨᠢᠭᠡ ᠪᠣᠯᠤᠭᠰᠠᠨ ᠤ ᠬᠤᠪᠢ ᠳᠤ᠂ ᠲᠡᠭᠦᠨ ᠤ ᠠᠶᠤᠯ ᠥᠬᠡᠶ ᠡᠵᠡᠩᠨᠡᠯᠳᠡ ᠨᠢ ᠲᠣᠰ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠠᠬᠢᠭᠤᠯᠬᠤ ᠦᠢᠯᠡᠳᠦᠯ ᠲᠠᠢ ᠶᠤᠮ᠃ ᠰᠠᠢᠨ ᠰᠠᠢᠬᠠᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠪᠣᠯᠣᠨ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠪᠣᠯ ᠨᠢᠰᠬᠡᠯ ᠤᠨ ᠠᠮᠤᠷ ᠲᠥᠪᠰᠢᠨ ᠠᠵᠢᠯᠯᠠᠭᠠᠨ ᠢ ᠪᠠᠲᠤᠯᠠᠬᠤ ᠳᠤ ᠳᠤᠲᠠᠭᠳᠠᠵᠤ ᠪᠣᠯᠣᠰᠢ ᠦᠭᠡᠢ ᠰᠠᠭᠤᠷᠢ ᠨᠥᠬᠦᠴᠡᠯ ᠮᠥᠨ᠃ ᠣᠶᠢᠷ᠎ᠠ ᠶᠢᠨ ᠵᠢᠯ ᠤᠳ ᠲᠤ᠂ ᠠᠵᠤ ᠠᠬᠤᠶ ᠨᠡᠶᠢᠭᠡᠮ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠪᠠᠶᠠᠨᠨᠠᠭᠤᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠵᠡᠷᠭᠡ ᠨᠢᠰᠬᠡᠯ ᠤᠨ ᠪᠠᠭᠤᠳᠠᠯ ᠤᠨ ᠣᠶᠢᠷ᠎ᠠ ᠬᠠᠪᠢ ᠶᠢᠨ ᠬᠦᠷᠢᠶᠡᠯᠡᠩ ᠲᠣᠭᠤᠷᠢᠭ ᠤᠨ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠂ ᠪᠠᠶᠠᠨᠨᠠᠭᠤᠷ ᠤᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠣᠷᠴᠢᠨ ᠲᠣᠭᠤᠷᠢᠨ ᠤ ᠬᠦᠴᠦᠨ ᠵᠦᠢᠯ ᠴᠦ ᠵᠣᠬᠢᠬᠤ ᠬᠡᠮᠵᠢᠶ᠎ᠡ ᠪᠠᠷ ᠨᠥᠯᠥᠭᠡᠯᠡᠭᠳᠡᠪᠡ᠃ ᠪᠠᠰᠠ 2014 ᠣᠨ ᠳᠤ ᠬᠤᠲᠠ ᠶᠢᠨ ᠵᠠᠰᠠᠭ ᠤᠨ ᠣᠷᠳᠣᠨ ᠤ ᠨᠡᠶᠢᠲᠡᠯᠡᠭᠰᠡᠨ ︽ᠪᠠᠶᠠᠨᠨᠠᠭᠤᠷ ᠬᠤᠲᠠ ᠶᠢᠨ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠠᠷᠭ᠎ᠠ︾ ᠨᠢ ᠨᠢᠭᠡᠨᠲᠡ ᠬᠦᠴᠦᠨ ᠲᠠᠢ ᠪᠣᠯᠪᠠ᠃ ᠪᠠᠶᠠᠨᠨᠠᠭᠤᠷ ᠤᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠪᠠ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠤ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠴᠡᠪᠡᠷ ᠠᠭᠠᠷ ᠪᠠ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠢ ᠪᠣᠶ ᠪᠣᠯᠭᠠᠵᠤ᠂ ᠠᠷᠠᠳ ᠤᠨ ᠠᠭᠠᠷ ᠤᠨ ᠲᠡᠭᠡᠭᠡᠪᠦᠷᠢ ᠶᠢᠨ ᠠᠵᠢᠯᠯᠠᠭᠠᠨ ᠤ ︽ᠬᠠᠷᠢᠴᠠᠯᠠᠰᠢ ᠥᠬᠡᠶ ᠠᠮᠤᠷ ᠲᠦᠪᠰᠢᠨ︾ ᠢ ᠪᠠᠲᠤᠯᠠᠬᠤ ᠶᠢᠨ ᠲᠥᠯᠥᠭᠡ᠂ ︽ᠬᠠᠮᠢᠶᠠᠷᠤᠯᠲᠠ ᠶᠢᠨ ᠲᠣᠭᠲᠠᠭᠠᠯ︾ ᠢ ᠲᠣᠭᠲᠠᠭᠠᠵᠤ ᠨᠡᠶᠢᠲᠡᠯᠡᠬᠦ ᠨᠢ ᠲᠦᠢᠯ ᠤᠨ ᠴᠢᠬᠤᠯᠠ ᠶᠤᠮ᠃      ᠬᠤᠶᠠᠷ᠂ ᠨᠡᠶᠢᠲᠡᠯᠡᠭᠰᠡᠨ ᠦᠨᠳᠦᠰᠦᠯᠡᠯ      ︽ᠬᠠᠮᠢᠶᠠᠷᠤᠯᠲᠠ ᠶᠢᠨ ᠲᠣᠭᠲᠠᠭᠠᠯ︾ ᠨᠢ ᠭᠤᠤᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠬᠠᠤᠯᠢ︾᠂ ︽ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠴᠡᠪᠡᠷ ᠠᠭᠠᠷ ᠤᠨ ᠬᠢᠨᠠᠨ ᠪᠠᠶᠢᠴᠠᠭᠠᠯᠲᠠ ᠶᠢᠨ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠠᠷᠭ᠎ᠠ︾᠂ ︽ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠤᠨ ᠪᠢᠴᠢᠭ ᠮᠠᠲ᠋ᠧᠷᠢᠶᠠᠯ ᠢ ᠦᠨᠳᠦᠰᠦᠯᠡᠪᠡ᠃      ᠭᠤᠷᠪᠠ᠂ ᠨᠡᠶᠢᠲᠡᠯᠡᠭᠰᠡᠨ ᠵᠣᠷᠢᠯᠭ᠎ᠠ      ︽ᠬᠠᠮᠢᠶᠠᠷᠤᠯᠲᠠ ᠶᠢᠨ ᠲᠣᠭᠲᠠᠭᠠᠯ︾ ᠢ ᠳᠠᠷᠤᠮᠠᠯᠯᠠᠨ ᠶᠠᠪᠤᠭᠤᠯᠬᠤ ᠶᠢᠨ ᠭᠤᠤᠯ ᠵᠣᠷᠢᠯᠭ᠎ᠠ ᠪᠣᠯ ᠪᠠᠶᠠᠨᠨᠠᠭᠤᠷ ᠤᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠪᠠ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠢᠰᠬᠡᠯ ᠤᠨ ᠪᠠᠭᠤᠳᠠᠯ ᠤᠨ ᠴᠡᠪᠡᠷ ᠠᠭᠠᠷ ᠪᠠ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠢ ᠡᠪᠳᠡᠬᠦ ᠠᠵᠢᠯᠯᠠᠭ᠎ᠠ ᠪᠠ ᠦᠵᠡᠭᠳᠡᠯ ᠢ ᠪᠠᠭᠠᠰᠬᠠᠵᠤ᠂ ᠴᠡᠪᠡᠷ ᠠᠭᠠᠷ ᠪᠠ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠠᠷᠠᠳ ᠤᠨ ᠬᠡᠷᠡᠭᠯᠡᠭᠡᠨ ᠤ ᠠᠭᠠᠷ ᠤᠨ ᠨᠢᠰᠦᠭᠦᠷ ᠤᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠶᠢᠨ ᠲᠥᠯᠥᠭᠡ ᠶᠤᠮ᠃      ᠳᠥᠷᠪᠡ᠂ ᠬᠡᠷᠡᠭᠯᠡᠬᠦ ᠬᠡᠪᠴᠢᠶ᠎ᠡ      ︽ᠬᠠᠮᠢᠶᠠᠷᠤᠯᠲᠠ ᠶᠢᠨ ᠲᠣᠭᠲᠠᠭᠠᠯ︾ ᠨᠢ ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠠᠶᠠᠨᠨᠠᠭᠤᠷ ᠤᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠵᠢᠴᠢ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠤ ᠬᠠᠮᠠᠭᠠᠯᠠᠯᠲᠠ ᠵᠢᠴᠢ ᠬᠠᠮᠢᠶ᠎ᠠ ᠪᠥᠬᠦᠶ ᠠᠵᠢᠯᠯᠠᠭ᠎ᠠ ᠳᠤ ᠬᠡᠷᠡᠭᠯᠡᠭᠳᠡᠨ᠎ᠡ᠃      ᠲᠠᠪᠤ᠂ ᠶᠡᠷᠦᠩᠬᠡᠶ ᠪᠣᠷᠣ ᠲᠥᠯᠥᠪ ᠵᠢᠴᠢ ᠭᠤᠤᠯ ᠠᠭᠤᠯᠭ᠎ᠠ      ︽ᠬᠠᠮᠢᠶᠠᠷᠤᠯᠲᠠ ᠶᠢᠨ ᠲᠣᠭᠲᠠᠭᠠᠯ ︵ᠶᠠᠷᠢᠯᠴᠠᠬᠤ ᠨᠣᠣᠷᠠᠭ︶︾ ᠨᠢ ᠨᠡᠶᠢᠲᠡ 4 ᠪᠦᠯᠦᠭ᠄      ᠨᠢᠭᠡᠳᠦᠭᠡᠷ ᠪᠦᠯᠦᠭ᠂ ᠶᠡᠷᠦᠩᠬᠡᠶ ᠳᠦᠷᠢᠮ᠃ ︽ᠬᠠᠮᠢᠶᠠᠷᠤᠯᠲᠠ ᠶᠢᠨ ᠲᠣᠭᠲᠠᠭᠠᠯ︾ ᠤᠨ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ ᠵᠣᠬᠢᠶᠠᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ ᠵᠢᠴᠢ ᠨᠡᠷ᠎ᠡ ᠲᠣᠮᠢᠶ᠎ᠠ ᠶᠢᠨ ᠲᠠᠶᠢᠯᠪᠤᠷᠢᠯᠠᠯᠲᠠ ᠶᠢ ᠲᠣᠳᠣᠷᠬᠠᠶᠢᠯᠠᠪᠠ᠃      ᠬᠤᠶᠠᠳᠤᠭᠠᠷ ᠪᠦᠯᠦᠭ ᠣᠩᠭᠤᠴᠠᠨ ᠪᠠᠭᠤᠳᠠᠯ ᠤᠨ ᠴᠡᠪᠡᠷ ᠠᠭᠠᠷ ᠪᠣᠯᠤᠨ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠤ ᠬᠠᠮᠠᠭᠠᠯᠠᠯᠲᠠ᠃ ᠳᠡᠭᠡᠳᠦ ᠪᠠᠶᠢᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠤᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠨᠢᠰᠬᠡᠯ ᠤᠨ ᠪᠠᠭᠤᠳᠠᠯ ᠤᠨ ᠴᠡᠪᠡᠷ ᠠᠭᠠᠷ ᠵᠢᠴᠢ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠳᠠᠲᠠᠶ ᠱᠠᠭᠠᠷᠳᠠᠯᠭ᠎ᠠ ᠶᠢ ᠲᠣᠳᠣᠷᠬᠠᠶᠢᠯᠠᠪᠠ᠃      ᠭᠤᠷᠪᠠᠳᠤᠭᠠᠷ ᠪᠦᠯᠦᠭ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠃ ᠡᠯ᠎ᠡ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠤᠨ ᠲᠣᠳᠣᠷᠬᠠᠶᠢᠯᠠᠵᠤ᠃      ᠳᠥᠷᠪᠡᠳᠦᠭᠡᠷ ᠪᠦᠯᠦᠭ᠂ ᠳᠠᠭᠠᠯᠳᠤᠭᠤᠯᠤᠯ ᠳᠦᠷᠢᠮ᠃ ︽ᠬᠠᠮᠢᠶᠠᠷᠤᠯᠲᠠ ᠶᠢᠨ ᠲᠣᠭᠲᠠᠭᠠᠯ︾ ᠢ ᠬᠡᠷᠡᠭᠵᠢᠭᠦᠯᠬᠦ ᠴᠠᠭ ᠢ ᠲᠣᠳᠣᠷᠬᠠᠶᠢᠯᠠᠵᠠᠢ᠃      ᠵᠢᠷᠭᠤᠭ᠎ᠠ᠂ ᠪᠢᠴᠢᠭ ᠮᠠᠲ᠋ᠧᠷᠢᠶᠠᠯ ᠶᠠᠪᠤᠭᠤᠯᠬᠤ ᠬᠡᠯᠪᠡᠷᠢ ᠪᠠ ᠢᠯᠡ ᠪᠣᠯᠭᠠᠬᠤ ᠠᠷᠭ᠎ᠠ ᠮᠠᠶ᠋ᠢᠭ      ︽ᠬᠠᠮᠢᠶᠠᠷᠤᠯᠲᠠ ᠶᠢᠨ ᠲᠣᠭᠲᠠᠭᠠᠯ︾ ᠨᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ᠃      ᠬᠠᠮᠢᠶ᠎ᠠ ᠪᠥᠬᠦᠶ ᠪᠢᠴᠢᠭ ᠮᠠᠲ᠋ᠧᠷᠢᠶᠠᠯ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠠᠶᠠᠨᠨᠠᠭᠤᠷ ᠤᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠵᠢᠴᠢ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ