ᠤᠷᠠᠳ ᠤᠨ ᠬᠤᠶᠢᠳᠤ ᠬᠤᠰᠢᠭᠤᠨ ᠤ ᠬᠤᠷᠢᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠲᠠᠮᠢᠷ ᠤᠨ ᠴᠤᠭᠯᠠᠭᠠᠨ ᠵᠢᠴᠢ ᠠᠩᠬᠠᠳᠤᠭᠠᠷ ᠬᠤᠭᠤᠴᠠᠭᠠᠨ ᠤ ᠪᠠᠭᠰᠢ ᠠᠵᠢᠯᠲᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠡᠷᠬᠢᠯᠠᠪᠠ
ᠨᠡᠶᠢᠲᠡᠯᠡᠭᠰᠡᠨ ᠴᠠᠭ᠄
2024/6/28
      ᠤᠷᠴᠢᠮᠬᠠᠨ᠂ ᠤᠷᠠᠳ ᠤᠨ ᠬᠤᠶᠢᠲᠤ ᠬᠤᠰᠢᠭᠤᠨ ᠤ ᠬᠤᠷᠢᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠲᠠᠮᠢᠷ ᠤᠨ ᠴᠤᠭᠯᠠᠭᠠᠨ ᠵᠢᠴᠢ ᠠᠩᠬᠠᠳᠤᠭᠠᠷ ᠬᠤᠭᠤᠴᠠᠭᠠᠨ ᠤ ᠪᠠᠭᠰᠢ ᠠᠵᠢᠯᠲᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤᠷᠠᠳ ᠤᠨ ᠬᠤᠶᠢᠲᠤ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠵᠢᠩᠬᠢᠨᠢ ᠪᠠᠷ ᠡᠬᠢᠯᠡᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠶᠠᠳᠤᠭᠠᠷ ᠪᠦᠷᠢᠨ ᠪᠠᠭ᠎ᠠ ᠰᠤᠷᠭᠠᠭᠤᠯᠢ ᠶᠢᠨ ᠰᠤᠷᠤᠭᠴᠢᠳ ᠴᠠᠭᠠᠨ ᠬᠤᠪᠴᠠᠰᠤ ᠡᠮᠦᠰᠴᠦ᠂ ︽ᠰᠢᠨ᠎ᠠ ᠴᠠᠭ ᠦᠶ᠎ᠠ ᠶᠢᠨ ᠪᠠᠭᠠᠴᠤᠳ︾ ᠢ ᠲᠣᠭᠯᠠᠵᠤ᠂ ᠳᠤᠮᠳᠠᠳᠤ ᠶᠢᠨ ᠪᠠᠭᠠᠴᠤᠳ ᠤᠨ ᠴᠤᠭ ᠵᠢᠪᠬᠤᠭ᠎ᠠ ᠶᠢ ᠢᠯᠡᠷᠡᠭᠦᠯᠪᠡ᠃ ᠨᠢᠭᠡᠳᠦᠭᠡᠷ ᠪᠦᠷᠢᠨ ᠪᠠᠭ᠎ᠠ ᠰᠤᠷᠭᠠᠭᠤᠯᠢ ᠶᠢᠨ ᠰᠤᠷᠤᠭᠴᠢᠳ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠬᠦᠭᠵᠢᠮ ᠴᠣᠬᠢᠯᠭ᠎ᠠ ᠪᠠᠷ ᠤᠯᠤᠰ ᠤᠨ ᠲᠤᠭ ᠢᠶᠠᠨ ᠡᠷᠭᠦᠵᠦ᠂ ᠲᠠᠪᠤᠨ ᠣᠳᠣᠨ ᠤ ᠲᠣᠮᠣ ᠵᠢᠷᠤᠭ ᠢ ᠪᠦᠷᠢᠯᠳᠦᠭᠦᠯᠦᠨ᠂ ᠡᠬᠡ ᠤᠯᠤᠰ ᠲᠠᠭᠠᠨ ᠢᠷᠦᠭᠡᠯ ᠪᠠ ᠬᠠᠶᠢᠷ᠎ᠠ ᠰᠡᠳᠬᠢᠯᠭᠡ ᠪᠠᠨ ᠢᠯᠡᠳᠬᠡᠵᠡᠢ᠃ ᠭᠤᠷᠪᠠᠳᠤᠭᠠᠷ ᠪᠦᠷᠢᠨ ᠪᠠᠭ᠎ᠠ ᠰᠤᠷᠭᠠᠭᠤᠯᠢ ᠶᠢᠨ ᠰᠤᠷᠤᠭᠴᠢᠳ ︽ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠡᠶ᠎ᠡ ᠵᠣᠬᠢᠴᠠᠯ ᠤᠨ ᠵᠢᠷᠤᠭ ᠢ ᠬᠠᠮᠲᠤ ᠪᠠᠷ ᠵᠢᠷᠤᠭᠯᠠᠶ᠎ᠠ︾ ᠭᠡᠬᠦ ᠪᠥᠵᠢᠭ ᠤᠨ ᠲᠣᠭᠯᠠᠯᠲᠠ ᠳᠤ᠂ ᠭᠠᠷ ᠢᠶᠠᠷ ᠢᠶᠠᠨ ᠬᠤᠸᠠᠷ ᠤᠷᠪᠠᠭᠤᠯᠬᠤ ᠪᠠ ᠳᠡᠭᠡᠰᠦ ᠦᠰᠦᠷᠬᠦ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠪᠠ ᠡᠶ᠎ᠡ ᠵᠣᠬᠢᠴᠠᠯ ᠤᠨ ᠭᠤᠣᠯ ᠰᠡᠳᠦᠪ ᠢ ᠲᠠᠶᠢᠯᠪᠤᠷᠢᠯᠡᠨ ᠵᠢᠷᠤᠭᠯᠠᠵᠠᠢ᠃      ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠶ ᠳᠤ ᠪᠠᠰᠠ 2024 ᠣᠨ ᠤ ᠪᠠᠶᠠᠨᠨᠠᠭᠤᠷ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ︽ᠭᠤᠷᠪᠠᠨ ᠪᠥᠮᠪᠦᠭᠡ︾ ᠶᠢᠨ ᠬᠤᠯᠪᠣᠭᠠᠲᠤ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠣᠭᠰᠠᠨ ᠮᠠᠨ ᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠳᠤ ᠱᠠᠩᠨᠠᠯ ᠭᠠᠷᠳᠠᠭᠤᠯᠪᠠ᠃      ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠲᠠᠮᠢᠷ ᠤᠨ ᠴᠤᠭᠯᠠᠭᠠᠨ ᠵᠢᠩᠬᠢᠨᠢ ᠪᠠᠷ ᠡᠬᠢᠯᠡᠵᠦ᠂ ᠰᠤᠷᠤᠭᠴᠢᠳ ᠪᠣᠯᠣᠨ ᠪᠠᠭᠰᠢ ᠠᠵᠢᠯᠲᠠᠳ ᠴᠥᠮ ᠲᠠᠮᠢᠷ ᠤᠨ ᠤᠷᠤᠯᠳᠤᠭᠠᠨ ᠤ ᠭᠠᠷᠮᠠᠭᠠᠢ ᠬᠢᠷᠢ ᠲᠦᠪᠰᠢᠨ ᠢᠶᠠᠨ ᠳᠡᠯᠭᠡᠨ ᠦᠵᠡᠭᠦᠯᠵᠦ᠂ ᠭᠦᠶᠦᠯᠲᠡ ᠶᠢᠨ ᠵᠠᠮ ᠳᠡᠭᠡᠷ᠎ᠡ ᠬᠥᠯᠥᠰᠦ ᠪᠠᠨ ᠤᠷᠤᠰᠬᠠᠨ᠂ ᠦᠰᠦᠷᠦᠯᠲᠡ ᠶᠢᠨ ᠳᠤᠮᠳᠠ ᠥᠪᠡᠷ ᠢ ᠪᠠᠨ ᠳᠡᠭᠡᠭᠰᠢᠯᠡᠬᠦᠯᠵᠤ᠂  ᠰᠡᠳᠦᠯᠲᠡ ᠶᠢᠨ ᠳᠤᠮᠳᠠ ᠭᠠᠷᠮᠠᠭᠠᠢ ᠪᠣᠯᠬᠤ ᠪᠠᠷ ᠮᠡᠷᠡᠶᠢᠨ ᠴᠢᠷᠮᠠᠶᠢᠵᠠᠢ᠃ ᠭᠱᠠᠨ ᠵᠠᠭᠤᠷ᠎ᠠ ᠪᠣᠯᠭᠠᠨ ᠳᠤ ᠣᠷᠭᠢᠯᠤᠮ᠎ᠠ ᠬᠠᠯᠠᠭᠤᠨ ᠰᠡᠳᠬᠢᠯᠭᠡ ᠪᠠ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠬᠥᠮᠥᠰ ᠲᠤ ᠲᠠᠮᠢᠷ ᠤᠨ ᠬᠥᠳᠡᠯᠭᠡᠭᠡᠨ ᠤ ᠬᠢᠵᠠᠭᠠᠯᠠᠰᠢ ᠦᠭᠡᠢ ᠷᠢᠳᠢ ᠰᠢᠳᠢ ᠶᠢ ᠮᠡᠳᠡᠷᠡᠭᠦᠯᠦᠨ᠎ᠡ᠃      ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠪᠡᠶ᠎ᠡ ᠲᠠᠮᠢᠷ ᠤᠨ ᠴᠤᠭᠯᠠᠭᠠᠨ 2 ᠡᠳᠦᠷ ᠶᠠᠪᠤᠭᠳᠠᠵᠤ᠂ ᠪᠥᠬᠦ ᠬᠤᠰᠢᠭᠤᠨ ᠤ 6 ᠳᠤᠮᠳᠠᠳᠤ ᠪᠠᠭ᠎ᠠ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠪᠠ 12 ᠪᠠᠭᠰᠢ ᠠᠵᠢᠯᠲᠠᠨ ᠤ ᠲᠥᠯᠥᠭᠡᠯᠡᠭᠴᠢᠳ ᠤᠨ ᠠᠩᠭᠢ ᠶᠢᠨ 392 ᠲᠠᠮᠢᠷᠴᠢᠨ ᠲᠣᠰ ᠲᠣᠰ ᠪᠠᠭ᠎ᠠ ᠰᠤᠷᠭᠠᠭᠤᠯᠢ ᠶᠢᠨ ᠳᠤᠭᠤᠶᠢᠯᠠᠩ᠂ ᠠᠩᠬ᠎ᠠ ᠳᠤᠮᠳᠠᠳᠤ ᠶᠢᠨ ᠳᠤᠭᠤᠶᠢᠯᠠᠩ᠂ ᠥᠨᠳᠥᠷ ᠳᠤᠮᠳᠠᠳᠤ ᠶᠢᠨ ᠳᠤᠭᠤᠶᠢᠯᠠᠩ᠂ ᠪᠠᠭᠰᠢ ᠠᠵᠢᠯᠲᠠᠨ ᠤ ᠳᠤᠭᠤᠶᠢᠯᠠᠩ ᠵᠡᠷᠭᠡ ᠳᠥᠷᠪᠡᠨ ᠳᠤᠭᠤᠶᠢᠯᠠᠩ ᠤᠨ 39 ᠵᠦᠢᠯ ᠤᠨ ᠤᠷᠤᠯᠳᠤᠭᠠᠨ ᠳᠤ ᠣᠷᠣᠯᠴᠠᠵᠠᠢ᠃ 
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ