ᠸᠠᠩ ᠶᠢᠨ ᠪᠦᠦ ᠪᠥᠬᠦ ᠬᠤᠰᠢᠭᠤᠨ ᠤ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/28
      6 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠪᠥᠬᠦ ᠬᠤᠰᠢᠭᠤᠨ ᠤ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠪᠠᠶᠢᠳᠠᠯ ᠢ ᠵᠠᠳᠠᠯᠤᠨ᠂ ᠪᠣᠳᠠᠲᠠᠢ ᠠᠰᠠᠭᠤᠳᠠᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠤᠨ ᠲᠣᠬᠢᠷᠠᠭᠤᠯᠪᠠ᠃      ᠬᠤᠷᠠᠯ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠸᠠᠩ ᠶᠢᠨ ᠪᠦᠦ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠭᠡ ᠲᠠᠯ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠬᠤᠰᠢᠭᠤ ᠨᠠᠮ ᠤᠨ ᠬᠤᠷᠢᠶ᠎ᠠ ᠪᠣᠯᠣᠨ ᠬᠤᠰᠢᠭᠤᠨ ᠤ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠲᠠᠭᠤᠳᠠᠯ ᠢ ᠨᠥᠬᠦᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠶᠢᠨ ᠡᠭᠦᠷᠭᠡ ᠶᠢ ᠴᠢᠩᠭ᠎ᠠ ᠵᠢᠷᠤᠮᠯᠠᠨ᠂ ᠬᠦᠴᠦᠨ ᠲᠡᠭᠦᠯᠳᠡᠷ ᠠᠷᠭ᠎ᠠ ᠬᠡᠮᠵᠢᠶ᠎ᠡ ᠠᠪᠴᠤ᠂ ᠠᠷᠭ᠎ᠠ ᠪᠦᠬᠦᠨ ᠢ ᠰᠦᠪᠡᠭᠴᠢᠯᠡᠨ ᠳᠠᠯᠳᠠ ᠬᠦᠴᠦᠨ ᠢ ᠭᠦᠨ ᠠᠭᠤᠳᠠᠯᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠤᠨ ᠠᠵᠤ ᠠᠬᠤᠢ ᠶᠢ ᠠᠳᠬᠤᠵᠤ᠂ ᠬᠦᠴᠦᠨ ᠴᠢᠳᠠᠯ ᠢᠶᠠᠨ ᠰᠢᠪᠬᠠᠨ ᠲᠣᠭᠲᠠᠭᠤᠨ ᠢᠶᠠᠷ ᠨᠡᠮᠡᠭᠳᠡᠭᠦᠯᠵᠦ᠂ ᠲᠥᠷᠥᠯ ᠵᠦᠢᠯ ᠢ ᠠᠳᠬᠤᠨ᠂ ᠪᠡᠯᠡ ᠣᠷᠣᠭᠤᠯᠤᠯᠲᠠ ᠶᠢ ᠥᠷᠭᠡᠳᠬᠡᠵᠦ᠂ ᠬᠦᠴᠦᠨ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠤᠷᠳᠤᠴᠠ ᠶᠢ ᠲᠦᠷᠭᠡᠳᠬᠡᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ ᠬᠡᠷᠡᠭᠯᠡᠭᠡ ᠶᠢ ᠠᠬᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠵᠤ᠂ ᠬᠡᠷᠡᠭᠯᠡᠭᠡ ᠶᠢ ᠥᠷᠭᠡᠳᠬᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ ᠠᠮᠢᠳᠤᠯᠢᠭ ᠢᠶᠠᠷ ᠬᠡᠷᠡᠭᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠬᠡᠷᠡᠭᠯᠡᠭᠡ ᠶᠢ ᠠᠬᠢᠭᠤᠯᠬᠤ ᠡᠯ᠎ᠡ ᠲᠦᠷᠦᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠡᠷᠡᠭᠯᠡᠭᠡ ᠶᠢᠨ ᠲᠠᠯᠳᠠ ᠬᠦᠴᠦᠨ ᠢ ᠭᠦᠨ ᠠᠭᠤᠳᠠᠯᠵᠤ᠂ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠨᠡᠮᠡᠭᠳᠡᠬᠦ ᠶᠢ ᠲᠦᠯᠬᠢᠨ ᠠᠬᠢᠭᠤᠯᠬᠤ ᠬᠡᠷᠡᠭᠲᠡᠢ᠃ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠲᠣᠬᠢᠷᠠᠭᠤᠯᠬᠤ ᠶᠢ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠵᠤ᠂ ᠪᠦᠬᠦ ᠵᠢᠯ ᠤᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠬᠡᠪᠠ᠃ 
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ