ᠤᠷᠠᠳ ᠤᠨ ᠬᠤᠶᠢᠳᠤ ᠬᠤᠰᠢᠭᠤ ᠱᠠᠨᠳᠦ᠋ᠩ ᠮᠤᠵᠢ ᠶᠢᠨ ᠭᠠᠵᠠᠷ ᠰᠢᠷᠣᠢ ᠶᠢᠨ ᠬᠥᠭᠵᠢᠭᠦᠯᠦᠯᠲᠡ ᠶᠢᠨ ᠪᠦᠯᠦᠭᠯᠡᠯ ᠲᠠᠢ ᠲᠦᠷᠤᠯ ᠵᠦᠢᠯ ᠤᠨ ᠬᠠᠮᠳᠤᠷᠠᠯᠴᠠᠭ᠎ᠠ  ᠪᠠᠨ ᠴᠢᠩᠭᠠᠳᠬᠠᠨ᠎ᠠ
ᠨᠡᠶᠢᠲᠡᠯᠡᠭᠰᠡᠨ ᠴᠠᠭ᠄
2024/6/28
      ᠤᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠱᠠᠨᠳᠦ᠋ᠩ ᠮᠤᠵᠢ ᠶᠢᠨ ᠭᠠᠵᠠᠷ ᠰᠢᠷᠣᠢ ᠶᠢᠨ ᠬᠥᠭᠵᠢᠭᠦᠯᠦᠯᠲᠡ ᠶᠢᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢ ᠪᠥᠸᠧ ᠲᠠᠢ ᠠᠭᠤᠯᠵᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠡᠴᠡᠩᠭᠤᠸ᠎ᠠ᠂ ᠬᠤᠰᠢᠭᠤᠨ ᠤ ᠤᠳᠤᠷᠢᠳᠤᠯᠭ᠎ᠠ ᠵᠤ᠋ ᠹᠧᠩ᠂ ᠯᠢ ᠴᠢᠩ ᠯᠠᠢ ᠣᠷᠣᠯᠴᠠᠵᠠᠢ᠃      ᠸᠠᠩ ᠶᠢᠨ ᠪᠦᠦ ᠡᠩ ᠲᠠᠷᠢᠬᠦᠨ ᠳᠤ ᠯᠢ ᠪᠥᠸᠧ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠲᠤᠰ  ᠬᠤᠰᠢᠭᠤᠨ ᠤ ᠪᠠᠨ ᠪᠤᠳᠠᠳᠤ ᠪᠠᠶᠢᠳᠠᠯ ᠢᠶᠠᠨ ᠲᠠᠨᠢᠯᠴᠠᠭᠤᠯᠪᠠ᠃ ᠤᠷᠠᠳ ᠤᠨ ᠬᠤᠶᠢᠳᠤ ᠬᠤᠰᠢᠭᠤ ᠪᠤᠯ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠠᠵᠤ ᠦᠢᠯᠡᠳᠪᠦᠷᠢ ᠶᠢᠨ 17 ᠴᠢᠬᠤᠯᠠ ᠪᠠᠯᠭᠠᠰᠤ ᠶᠢᠨ ᠨᠢᠭᠡ ᠪᠠᠶᠢᠵᠤ᠂ ᠥᠨᠢ ᠤᠳᠠᠭᠠᠨ ᠲᠡᠦᠬᠡ ᠲᠠᠢ᠂ ᠭᠠᠵᠠᠷ ᠨᠤᠲᠤᠭ ᠥᠷᠭᠡᠨ ᠠᠭᠤᠳᠠᠮ᠂ ᠡᠳ᠋ ᠪᠠᠶᠠᠯᠢᠭ᠂ ᠠᠭᠤᠷᠬᠠᠢ ᠶᠢᠨ ᠭᠠᠷᠤᠯᠲᠠ᠂ ᠥᠩᠭᠡ ᠦᠵᠡᠮᠵᠢ ᠵᠡᠷᠬᠡ ᠡᠬᠢ ᠪᠠᠶᠠᠯᠢᠭ ᠢᠶᠠᠷ ᠡᠯᠪᠡᠭ ᠳᠡᠯᠪᠡᠭ ᠪᠠᠶᠢᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ C ᠲᠠᠰ ᠤᠨ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠢᠶᠠᠷ ᠦᠨᠡᠯᠡᠭᠳᠡᠵᠤ᠂ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠮᠠᠰᠢ ᠰᠠᠶᠢᠨ ᠪᠠᠶᠢᠨ᠎ᠠ ᠬᠡᠪᠠ᠃ ᠱᠠᠨᠳᠦ᠋ᠩ ᠮᠤᠵᠢ ᠶᠢᠨ ᠭᠠᠵᠠᠷ ᠰᠢᠷᠣᠢ ᠶᠢᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯ ᠱᠠᠨᠳᠦ᠋ᠩ ᠮᠤᠵᠢ ᠶᠢᠨ ᠮᠤᠵᠢ ᠳᠤ ᠬᠠᠷᠢᠶᠠᠯᠠᠭᠳᠠᠬᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠮᠥᠨ᠂ ᠭᠠᠵᠠᠷ ᠰᠢᠷᠣᠢ ᠶᠢ ᠨᠡᠭᠡᠭᠡᠨ ᠠᠰᠢᠭᠯᠠᠬᠤ ᠲᠠᠯ᠎ᠠ ᠪᠠᠷ ᠪᠣᠳᠠᠲᠤ ᠬᠦᠴᠦᠨ ᠢᠶᠠᠷ ᠴᠢᠩᠭ᠎ᠠ᠂ ᠲᠤᠷᠰᠢᠯᠭ᠎ᠠ ᠪᠠᠷ ᠪᠠᠶᠠᠯᠢᠭ᠂ ᠠᠵᠢᠯ ᠲᠥᠷᠥᠯ ᠤᠨ ᠨᠥᠯᠥᠭᠡᠯᠡᠬᠦ ᠬᠦᠴᠤᠨ ᠢᠶᠠᠷ  ᠲᠤᠪᠤᠶᠢᠮ᠎ᠠ ᠪᠤᠯᠬᠤ ᠲᠤᠰ ᠪᠦᠯᠦᠭᠯᠡᠯ ᠤᠨ ᠬᠢᠨ ᠡᠨᠡᠬᠦ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂  ᠤᠷᠠᠳ ᠤᠨ ᠬᠤᠶᠢᠳᠤ ᠬᠤᠰᠢᠭᠤ ᠲᠠᠢ ᠬᠥᠳᠡᠭᠡ ᠠᠵᠤ ᠠᠬᠤᠢ᠂ ᠰᠣᠶᠣᠯ ᠵᠤᠭᠠᠴᠠᠯ ᠢ ᠠᠭᠤᠰᠤᠯᠴᠠᠭᠤᠯᠬᠤ᠂ ᠠᠮᠢ ᠠᠬᠤᠢ ᠶᠢ ᠰᠡᠷᠭᠦᠭᠡᠬᠦ᠂ ᠭᠠᠵᠠᠷ ᠰᠢᠷᠣᠢ ᠶᠢ ᠬᠠᠮᠠᠭᠠᠯᠠᠬᠤ ᠵᠡᠷᠭᠡ ᠬᠦᠷᠢᠶᠡᠨ ᠳᠤ ᠬᠠᠮᠲᠤᠷᠠᠯᠴᠠᠭᠠᠨ ᠤ ᠲᠦᠷᠦᠯ ᠵᠦᠢᠯ ᠢ ᠲᠥᠰᠥᠪᠯᠡᠬᠦ ᠪᠠᠨ ᠲᠦᠷᠭᠡᠳᠬᠡᠵᠦ᠂ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠡᠩ ᠤᠯᠠᠨ ᠰᠢᠯᠢᠳᠡᠭ ᠲᠦᠷᠦᠯ ᠵᠦᠢᠯ ᠢ ᠴᠢᠷᠮᠠᠶᠢᠨ ᠪᠠᠶᠢᠷᠢᠰᠢᠭᠤᠯᠵᠤ᠂ ᠪᠣᠳᠠᠲᠠᠢ ᠦᠷ᠎ᠡ ᠪᠦᠲᠦᠮᠵᠢ ᠤᠯᠵᠤ᠂ ᠤᠷᠠᠳ ᠤᠨ ᠬᠤᠶᠢᠳᠤ ᠬᠤᠰᠢᠭᠤᠨ ᠤ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠤᠷᠠᠳ ᠤᠨ ᠬᠤᠶᠢᠲᠤ ᠬᠤᠰᠢᠭᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠭᠡ᠂ ᠡᠯ᠎ᠡ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠠᠵᠤ ᠠᠬᠤᠶᠢᠯᠠᠯ ᠪᠤᠯᠤᠨ ᠠᠷᠠᠳ ᠣᠯᠠᠨ ᠳᠤ ᠠᠰᠢᠭ ᠬᠦᠷᠲᠡᠭᠡᠬᠦ᠂ ᠣᠷᠣᠨ ᠨᠤᠲᠤᠭ ᠤᠨ ᠬᠥᠭᠵᠢᠯᠲᠡ ᠶᠢ ᠪᠠᠶᠠᠯᠠᠬᠦᠯᠬᠦ ᠪᠠᠷ ᠬᠦᠴᠤᠯᠠᠨ᠎ᠠ ᠬᠡᠪᠠ᠃      ᠯᠢ ᠪᠥᠸᠧ ᠤᠷᠠᠳ ᠤᠨ ᠬᠤᠶᠢᠲᠤ ᠬᠤᠰᠢᠭᠤᠨ ᠤ ᠡᠨᠡ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠨᠠᠷᠢᠨ ᠨᠢᠮᠪᠠᠢ ᠲᠣᠬᠢᠷᠠᠭᠤᠯᠤᠭᠰᠠᠨ ᠳᠤ ᠲᠠᠯᠠᠷᠬᠠᠵᠤ᠂ ᠪᠦᠯᠦᠭᠯᠡᠯ ᠤᠨ ᠭᠤᠣᠯ ᠪᠦᠲᠦᠴᠡ ᠪᠣᠯᠣᠨ ᠲᠤᠬᠠᠶᠢᠯᠠᠭᠰᠠᠨ ᠠᠵᠢᠯ ᠤᠨ ᠴᠢᠭᠯᠡᠯ ᠢ ᠰᠢᠰᠲ᠋ᠧᠮ ᠲᠠᠢ ᠲᠠᠨᠢᠯᠴᠠᠭᠤᠯᠵᠠᠢ᠃ ᠡᠭᠦᠨ ᠤ ᠬᠠᠮᠲᠤ᠂ ᠤᠷᠠᠳ ᠤᠨ ᠬᠤᠶᠢᠲᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠨᠳᠤᠰᠢ ᠰᠠᠶᠢᠨ᠂ ᠣᠷᠣᠨ ᠵᠠᠢ ᠥᠷᠭᠡᠨ᠂ ᠳᠠᠯᠳᠠ ᠬᠦᠴᠦᠨ ᠶᠡᠭᠡ ᠪᠠᠶᠢᠵᠤ᠂ ᠪᠡᠯᠡ ᠣᠷᠣᠭᠤᠯᠤᠨ ᠠᠵᠤ ᠦᠢᠯᠡᠰ ᠢᠶᠠᠨ ᠬᠥᠭᠵᠢᠭᠦᠯᠬᠦ ᠶᠢᠨ ᠰᠢᠮᠡᠯᠢᠭ ᠬᠥᠷᠥᠰᠥ ᠰᠢᠷᠣᠢ ᠪᠣᠯᠣᠨ᠎ᠠ᠃ ᠪᠦᠯᠦᠭᠯᠡᠯ ᠨᠢ ᠤᠷᠠᠳ ᠤᠨ ᠬᠤᠶᠢᠲᠤ ᠬᠤᠰᠢᠭᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠣᠷᠳᠣᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠠᠮᠳᠤᠷᠠᠯᠴᠠᠭ᠎ᠠ ᠰᠣᠯᠢᠯᠴᠠᠭ᠎ᠠ ᠶᠢ ᠤᠯᠠᠮ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠦᠨ᠂ ᠪᠦᠭᠦ ᠣᠷᠣᠨ ᠪᠦᠰᠡ ᠶᠢᠨ ᠬᠡᠯᠬᠢᠶᠠᠵᠢᠯ ᠪᠠ ᠨᠢᠭᠡ ᠴᠣᠭᠴᠠᠵᠢᠭᠤᠯᠬᠤ ᠰᠡᠳᠬᠢᠴᠡ ᠶᠢᠨ ᠵᠠᠭᠪᠤᠷ ᠢ ᠪᠠᠷᠢᠮᠲᠠᠯᠠᠵᠤ᠂ ᠬᠠᠮᠲᠤᠷᠠᠯᠴᠠᠭᠠᠨ ᠤ ᠲᠥᠰᠥᠯ ᠢ ᠰᠠᠶᠢᠲᠤᠷ ᠲᠥᠯᠥᠪᠵᠢᠭᠦᠯᠵᠦ᠂ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠦᠨᠡᠨᠬᠦ ᠪᠠᠳᠠᠷᠠᠭᠤᠯᠤᠨ ᠣᠨᠴᠠᠯᠢᠭᠲᠤ ᠲᠦᠷᠦᠯ ᠵᠦᠢᠯ ᠢ ᠴᠣᠭᠴᠠᠯᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠠᠰᠢᠭ ᠬᠦᠷᠳᠡᠬᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠵᠦ᠂ ᠤᠷᠠᠳ ᠤᠨ ᠬᠤᠶᠢᠲᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠬᠡᠪᠠ᠃      ᠯᠢ ᠪᠥᠸᠧ ᠨᠠᠷ ᠪᠠᠰᠠ ᠤᠷᠠᠳ ᠤᠨ ᠬᠤᠶᠢᠲᠤ ᠬᠤᠰᠢᠭᠤᠨ ᠤ ᠤᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠬᠦᠷᠢᠶᠡᠯᠡᠩ᠂ ᠪᠠᠶᠠᠨᠪᠤᠯᠠᠭ ᠪᠠᠯᠭᠠᠰᠤ ᠶᠢᠨ ᠲᠤᠸᠠᠨ ᠵᠢᠶᠧ ᠲᠣᠰᠬᠤᠨ ᠤ ᠲᠠᠪᠤᠳᠤᠭᠠᠷ ᠬᠤᠷᠰᠢᠶᠠᠨ ᠤ ᠠᠷᠠᠳ ᠤᠨ ᠰᠠᠭᠤᠴᠠ ᠶᠢᠨ ᠲᠣᠰᠬᠤᠨ᠂ ᠰᠢᠩ ᠷᠠᠨ ᠮᠠᠯᠵᠢᠯ ᠤᠨ ᠤᠷᠠᠳ ᠤᠨ ᠬᠤᠶᠢᠲᠤ ᠬᠤᠰᠢᠭᠤᠨ ᠤ ᠰᠠᠭᠠᠯᠢ ᠶᠢᠨ ᠦᠨᠢᠶ᠎ᠡ ᠠᠯᠠᠰᠢᠨ ᠦᠬᠡᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠪᠠᠷᠠᠭᠤᠨ ᠪᠤᠯᠤᠩ ᠤᠨ ᠤᠢ ᠰᠢᠭᠤᠢ ᠶᠢᠨ ᠲᠠᠯᠠᠪᠠᠢ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ 
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ