ᠤᠷᠠᠳ ᠤᠨ ᠬᠤᠶᠢᠳᠤ ᠬᠤᠰᠢᠭᠤ ᠬᠠᠤᠯᠢᠵᠢᠯ ᠤᠨ ᠬᠦᠴᠦᠨ ᠢᠶᠠᠷ ᠬᠢᠯᠢ ᠬᠢᠵᠠᠭᠠᠷ ᠤᠨ ᠬᠥᠭᠵᠢᠯᠲᠡ ᠳᠤ ᠦᠢᠯᠡᠴᠢᠯᠡᠬᠦ ︽ᠲᠡᠮᠡᠬᠡᠨ ᠨᠢᠷᠤᠭᠤᠨ ᠲᠡᠬᠡᠷᠡᠬᠢ ᠪᠠᠶᠢᠴᠠᠭᠠᠬᠴᠢ︾ ᠬᠠᠤᠯᠢᠵᠢᠯ ᠤᠨ ᠦᠢᠯᠡᠴᠢᠯᠡᠭᠡᠨ ᠤ ᠠᠩᠭᠢ ᠪᠠᠶᠢᠭᠤᠯᠪᠠ
ᠨᠡᠶᠢᠲᠡᠯᠡᠭᠰᠡᠨ ᠴᠠᠭ᠄
2024/6/28
      ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ︽ᠲᠡᠮᠡᠬᠡᠨ ᠨᠢᠷᠤᠭᠤᠨ ᠲᠡᠬᠡᠷᠡᠬᠢ ᠪᠠᠶᠢᠴᠠᠭᠠᠬᠴᠢ︾ ᠬᠠᠤᠯᠢ ᠪᠠᠷ ᠵᠠᠰᠠᠬᠤ ᠦᠢᠯᠡᠴᠢᠯᠡᠭᠡᠨ ᠤ ᠠᠩᠭᠢ ᠶᠢᠨ ᠲᠤᠭ ᠰᠠᠯᠬᠢᠨ ᠤ ᠠᠶ᠎ᠠ ᠪᠠᠷ ᠨᠠᠮᠢᠷᠠᠵᠤ᠂ 6 ᠰᠠᠷ᠎ᠠ ᠶᠢᠨ 14 ᠤ ᠡᠳᠦᠷ᠂ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ︽ᠲᠡᠮᠡᠬᠡᠨ ᠨᠢᠷᠤᠭᠤᠨ ᠲᠡᠬᠡᠷᠡᠬᠢ ᠪᠠᠶᠢᠴᠠᠭᠠᠬᠴᠢ︾ ᠬᠠᠤᠯᠢ ᠪᠠᠷ ᠵᠠᠰᠠᠬᠤ ᠦᠢᠯᠡᠴᠢᠯᠡᠭᠡᠨ ᠤ ᠠᠩᠭᠢ ᠪᠠᠶᠢᠭᠤᠯᠤᠭᠳᠠᠬᠤ ᠶᠣᠰᠣᠯᠠᠯ ᠵᠢᠩᠬᠢᠨᠢ ᠪᠠᠷ ᠡᠬᠢᠯᠡᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠲᠠᠨ ︽ᠲᠡᠮᠡᠬᠡᠨ  ᠨᠢᠷᠤᠭᠤᠨ ᠲᠡᠬᠡᠷᠡᠬᠢ ᠪᠠᠶᠢᠴᠠᠭᠠᠬᠴᠢ ᠬᠠᠤᠯᠢ ᠪᠠᠷ ᠵᠠᠰᠠᠬᠤ ᠦᠢᠯᠡᠴᠢᠯᠡᠭᠡᠨ ᠤ ᠠᠩᠭᠢ ᠪᠠᠶᠢᠭᠤᠯᠤᠭᠳᠠᠭᠰᠠᠨ ᠠᠬᠤᠢ ᠪᠠᠶᠢᠳᠠᠯ᠂ ᠠᠴᠢ ᠬᠤᠯᠪᠣᠭᠳᠠᠯ ᠪᠠ ᠠᠵᠢᠯ ᠤᠨ ᠠᠭᠤᠯᠭ᠎ᠠ ᠶᠢ ᠲᠠᠨᠢᠯᠴᠠᠭᠤᠯᠬᠤ ᠶᠢᠨ ᠬᠠᠮᠲᠤ ︽ᠲᠡᠮᠡᠬᠡᠨ ᠨᠢᠷᠤᠭᠤᠨ ᠲᠡᠬᠡᠷᠡᠬᠢ ᠪᠠᠶᠢᠴᠠᠭᠠᠬᠴᠢ︾ ᠬᠠᠤᠯᠢ ᠪᠠᠷ ᠵᠠᠰᠠᠬᠤ ᠦᠢᠯᠡᠴᠢᠯᠡᠭᠡᠨ ᠤ ᠠᠩᠭᠢ ᠶᠢᠨ ᠭᠡᠰᠢᠭᠦᠳ ᠤᠨ ᠲᠥᠯᠥᠭᠡᠯᠡᠭᠴᠢᠳ ᠲᠤ ᠲᠤᠭ ᠣᠯᠭᠤᠪᠠ᠃ ᠴᠢᠩᠭ᠎ᠠ ᠬᠦᠴᠦᠲᠡᠢ ᠲᠠᠩᠭᠠᠷᠢᠭ ᠤᠨ ᠳᠠᠭᠤᠨ ᠳᠤ᠂ ︽ᠲᠡᠮᠡᠬᠡᠨ ᠨᠢᠷᠤᠭᠤᠨ ᠲᠡᠬᠡᠷᠡᠬᠢ ᠪᠠᠶᠢᠴᠠᠭᠠᠬᠴᠢ︾ ᠤᠨ ᠬᠠᠤᠯᠢᠵᠢᠯ ᠤᠨ ᠦᠢᠯᠡᠴᠢᠯᠡᠭᠡᠨ ᠤ ᠠᠩᠭᠢ ᠠᠯᠪᠠᠨ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠠᠩᠬᠠᠳᠠᠭᠴᠢ ᠬᠠᠤᠯᠢᠵᠢᠯ ᠤᠨ ᠤᠬᠠᠭᠤᠯᠤᠨ ᠲᠠᠶᠢᠯᠪᠤᠷᠢᠯᠠᠬᠤ ᠪᠠ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯᠯᠠᠭ᠎ᠠ ᠪᠠᠨ ᠡᠬᠢᠯᠡᠭᠦᠯᠪᠡ᠃      ᠬᠢᠯᠢ ᠳᠠᠭᠠᠤ ᠶᠢᠨ ᠪᠠᠶᠢᠴᠠᠭᠠᠬᠤ ᠠᠵᠢᠯ ᠪᠣᠯ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠶᠡᠭᠡ ᠲᠠᠯ᠎ᠠ ᠪᠠ ᠪᠠᠶᠢᠴᠠᠭᠠᠬᠤ ᠪᠠᠶᠢᠭᠤᠯᠭ᠎ᠠ ᠶᠢᠨ ᠲᠤᠰ ᠪᠡᠶ᠎ᠡ ᠶᠢᠨ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠬᠤ ᠴᠢᠬᠤᠯᠠ ᠠᠵᠢᠯ ᠮᠥᠨ᠂ ᠤᠷᠠᠳ ᠤᠨ ᠬᠤᠶᠢᠲᠤ ᠬᠤᠰᠢᠭᠤ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠨ᠂ ᠬᠤᠶᠢᠲᠤ ᠲᠠᠯ᠎ᠠ ᠪᠠᠷ ᠢᠶᠠᠨ ᠮᠣᠩᠭᠤᠯ ᠤᠯᠤᠰ ᠲᠠᠢ ᠬᠢᠯᠢ ᠨᠡᠶᠢᠯᠡᠵᠦ᠂ ᠬᠢᠯᠢ ᠶᠢᠨ ᠳᠣᠲᠣᠷᠠᠬᠢ ᠬᠢᠯᠢ ᠶᠢᠨ ᠱᠤᠭᠤᠮ ᠤᠨ ᠣᠷᠳᠣ ᠨᠢ 200  ᠺᠢᠯᠣᠮᠧᠲᠷ ᠣᠷᠴᠢᠮ ᠪᠠᠶᠢᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠣᠨ᠎ᠠ᠃ ᠬᠢᠯᠢ ᠳᠠᠭᠠᠤ ᠣᠷᠣᠨ ᠤ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠳᠠᠷᠤᠢ ᠬᠢᠯᠢ ᠳᠠᠭᠠᠤ ᠣᠷᠣᠨ ᠤ ᠠᠮᠤᠷ ᠲᠦᠪᠰᠢᠨ ᠤ ︽ᠰᠠᠬᠢᠨ ᠬᠠᠮᠠᠭᠠᠯᠠᠭᠴᠢ︾ ᠪᠣᠯᠵᠤ᠂ ᠨᠡᠩ ᠴᠤ ᠬᠢᠯᠢ ᠳᠠᠭᠠᠤ ᠣᠷᠣᠨ ᠤ ᠬᠠᠤᠯᠢ ᠪᠠᠷ ᠵᠠᠰᠠᠬᠤ ᠶᠢᠨ ︽ᠳᠠᠭᠤ ᠳᠠᠮᠵᠢᠭᠤᠯᠤᠭᠴᠢ︾ ᠪᠣᠯᠵᠤ᠂ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠢᠯᠢ ᠳᠠᠭᠠᠤ ᠨᠢᠭᠡᠳᠦᠭᠡᠷ ᠹᠷᠣᠨᠲ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠳᠤ ᠰᠠᠭᠤᠷᠢᠯᠠᠨ᠂ ︽ᠲᠡᠮᠡᠬᠡᠨ ᠨᠢᠷᠤᠭᠤᠨ ᠲᠡᠬᠡᠷᠡᠬᠢ ᠪᠠᠶᠢᠴᠠᠭᠠᠬᠴᠢ︾ ᠤᠨ ᠬᠠᠤᠯᠢ ᠪᠠᠷ ᠵᠠᠰᠠᠬᠤ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠦᠢᠯᠡᠴᠢᠯᠡᠭᠡᠨ ᠤ ᠪᠠᠲᠤᠯᠠᠭ᠎ᠠ ᠪᠠᠷ ᠡᠬᠢᠯᠡᠯᠲᠡ ᠪᠣᠯᠭᠠᠨ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠷ ᠬᠢᠵᠠᠭᠠᠷ ᠱᠤᠭᠤᠮ ᠪᠣᠯᠭᠠᠵᠤ᠂ ︽ᠲᠡᠮᠡᠬᠡᠨ  ᠨᠢᠷᠤᠭᠤᠨ ᠲᠡᠬᠡᠷᠡᠬᠢ ᠪᠠᠶᠢᠴᠠᠭᠠᠬᠴᠢ︾ ᠶᠢᠨ ᠡᠭᠦᠷᠭᠡ ᠴᠢᠳᠠᠪᠤᠷᠢ ᠶᠢ ᠭᠦᠢᠴᠡᠳ ᠭᠦᠢᠴᠡᠳᠬᠡᠵᠦ᠂ ᠪᠠᠶᠢᠴᠠᠭᠠᠬᠤ ᠤᠶᠤᠨ ᠤᠬᠠᠭᠠᠨ ᠢᠶᠠᠷ ︽ᠠᠮᠤᠷ ᠠᠮᠤᠭᠤᠯᠠᠩ᠂ ᠬᠠᠤᠯᠢ ᠪᠠᠷ ᠵᠠᠰᠠᠬᠤ᠂ ᠪᠣᠬᠢᠷᠲᠤᠯ ᠦᠭᠡᠢ︾ ᠬᠢᠯᠢ ᠳᠠᠭᠠᠤ ᠪᠠᠶᠢᠴᠠᠭᠠᠬᠤ ᠠᠵᠢᠯ ᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠪᠠᠶᠢᠴᠠᠭᠠᠬᠤ ᠬᠦᠴᠦᠨ ᠴᠢᠳᠠᠯ ᠢᠶᠠᠨ ᠡᠷᠭᠦᠪᠡ᠃      ᠤᠷᠠᠳ ᠤᠨ ᠬᠤᠶᠢᠲᠤ ᠬᠤᠰᠢᠭᠤᠨ ᠤ ᠬᠢᠨ ᠬᠢᠯᠢ ᠳᠠᠭᠠᠤ ᠶᠢᠨ ᠪᠠᠶᠢᠴᠠᠭᠠᠬᠤ ᠠᠵᠢᠯ ᠤᠨ ᠲᠦᠪᠰᠢᠨ ᠢᠶᠠᠨ ᠪᠦᠭᠦ ᠲᠠᠯ᠎ᠠ ᠪᠠᠷ ᠳᠡᠭᠡᠭᠰᠢᠯᠡᠭᠦᠯᠵᠦ᠂ ︽ᠲᠡᠮᠡᠬᠡᠨ ᠨᠢᠷᠤᠭᠤᠨ ᠲᠡᠬᠡᠷᠡᠬᠢ ᠪᠠᠶᠢᠴᠠᠭᠠᠬᠴᠢ︾ ᠬᠠᠤᠯᠢ ᠪᠠᠷ ᠵᠠᠰᠠᠬᠤ ᠦᠢᠯᠡᠴᠢᠯᠡᠭᠡᠨ ᠤ ᠠᠩᠭᠢ ᠶᠢ ᠤᠷᠠᠳ ᠤᠨ ᠬᠤᠶᠢᠲᠤ ᠬᠤᠰᠢᠭᠤᠨ ᠤ ᠪᠠᠶᠢᠴᠠᠭᠠᠬᠤ ᠠᠵᠢᠯ ᠤᠨ ᠣᠨᠴᠠᠯᠢᠭᠲᠤ ᠠᠵᠢᠯ ᠤᠨ ᠬᠠᠭᠤᠳᠠᠰᠤ ᠪᠣᠯᠭᠠᠨ ᠪᠦᠲᠦᠭᠡᠨ ᠪᠠᠶᠢᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠠᠮᠤᠷ ᠲᠣᠭᠲᠠᠭᠤᠨ ᠤ ᠠᠵᠢᠯ ᠤᠨ ᠶᠡᠭᠡ ᠲᠠᠯ᠎ᠠ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠪᠠᠶᠢᠨ᠎ᠠ᠃
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ