ᠣᠷᠠᠳ ᠤᠨ ᠲᠣᠮᠳᠠᠳᠣ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠲᠦᠯᠦᠭᠡᠯᠡᠭᠴᠢᠳ ᠢ ᠵᠣᠬᠢᠶᠠᠨ ᠪᠠᠶᠢᠭᠤᠯᠵᠣ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠠᠵᠢᠯ ᠢ ᠱᠠᠯᠠᠪᠳᠠᠭᠤᠯᠣᠨ ᠪᠠᠶᠢᠴᠠᠭᠠᠪᠠ
ᠨᠡᠶᠢᠲᠡᠯᠡᠭᠰᠡᠨ ᠴᠠᠭ᠄
2024/6/28
      6 ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠬᠡᠰᠡᠭ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠳᠤ ᠲᠤᠰᠬᠠᠶ ᠱᠠᠯᠠᠪᠳᠠᠭᠤᠯᠣᠨ ᠪᠠᠶᠢᠴᠠᠭᠠᠯᠲᠠ ᠬᠢᠪᠠ᠃       ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠭᠠᠭᠴᠠᠮᠤᠳᠤ ᠰᠤᠷᠭᠠᠭᠤᠯᠢ᠂ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ᠂ ᠬᠤᠰᠢᠭᠤᠨ ᠤ ᠲᠠᠪᠤᠳᠤᠭᠠᠷ ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠨ ᠤ ᠬᠤᠰᠢᠭᠤᠨ ᠤ ᠣᠶᠢᠷ᠎ᠠ ᠶᠢᠨ ᠵᠢᠯ ᠤᠨ ᠰᠤᠷᠭᠠᠨ ᠬᠥᠮᠦᠵᠢᠯ ᠤᠨ ᠠᠵᠢᠯ ᠤᠨ ᠣᠯᠤᠭᠰᠠᠨ ᠦᠷ᠎ᠡ ᠪᠦᠲᠦᠮᠵᠢ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠨᠠᠷᠢᠨ ᠣᠶᠢᠯᠠᠭᠠᠬᠤ ᠶᠢᠨ ᠬᠠᠮᠲᠤ ᠬᠠᠮᠢᠶ᠎ᠠ ᠪᠥᠬᠦᠶ ᠠᠰᠠᠭᠤᠳᠠᠯ ᠤᠨ ᠲᠤᠬᠠᠶ ᠶᠠᠷᠢᠯᠴᠠᠵᠤ᠂ ᠰᠠᠨᠠᠯ ᠰᠠᠨᠠᠭᠤᠯᠭ᠎ᠠ ᠳᠤᠷᠠᠳᠪᠠ᠃       ᠱᠠᠯᠠᠪᠳᠠᠭᠤᠯᠣᠨ ᠪᠠᠶᠢᠴᠠᠭᠠᠬᠤ ᠳᠤᠭᠤᠶᠢᠯᠠᠩ ᠠᠴᠠ᠂ ᠰᠤᠷᠭᠠᠨ ᠬᠥᠮᠦᠵᠢᠯ ᠪᠣᠯ ᠦᠨᠳᠦᠰᠦᠲᠡᠨ ᠤ ᠬᠥᠭᠵᠢᠯ ᠮᠠᠨᠳᠤᠯ᠂ ᠨᠡᠶᠢᠭᠡᠮ ᠤᠨ ᠳᠠᠪᠰᠢᠯᠲᠠ ᠶᠢᠨ ᠰᠠᠭᠤᠷᠢ ᠮᠥᠨ᠂ ᠤᠯᠤᠰ ᠠᠷᠠᠳ ᠤᠨ ᠬᠡᠪ ᠴᠢᠨᠠᠷ ᠢ ᠳᠡᠭᠡᠭᠰᠢᠯᠡᠭᠦᠯᠬᠦ᠂ ᠬᠥᠮᠦᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠦᠨᠳᠦᠰᠦᠨ ᠠᠷᠭ᠎ᠠ ᠵᠠᠮ ᠮᠥᠨ ᠃ ᠬᠤᠰᠢᠭᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠰᠤᠷᠭᠠᠭᠤᠯᠢ ᠨᠤᠭᠤᠳ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠵᠢᠭᠠᠨ ᠰᠤᠷᠭᠠᠯᠲᠠ ᠶᠢᠨ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠪᠠ ᠳᠠᠯᠳᠠ ᠴᠢᠳᠠᠪᠤᠷᠢ ᠶᠢ ᠬᠥᠭᠵᠢᠭᠡᠬᠦ ᠬᠡᠷᠡᠭᠲᠡᠶ᠃ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠵᠥᠷᠢᠶ᠎ᠡ ᠶᠢ ᠪᠠᠭᠠᠰᠬᠠᠵᠤ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ ᠬᠡᠵᠣ ᠵᠢᠭᠠᠵᠤ ᠭᠠᠷᠭᠠᠪᠠ᠃       ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠠᠴᠠ᠂ ᠡᠯ᠎ᠡ ᠱᠠᠲᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠬᠤᠰᠢᠭᠤᠨ ᠤ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠵᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠴᠢᠳᠠᠪᠤᠷᠢᠲᠠᠨ ᠤ ᠬᠦᠴᠦᠲᠡᠶ ᠲᠤᠯᠭᠠᠭᠤᠷᠢᠯᠠᠯ ᠪᠠ ᠣᠶᠤᠨᠴᠢ ᠪᠠᠲᠤᠯᠠᠭ᠎ᠠ ᠬᠠᠩᠭᠠᠬᠤ ᠬᠡᠷᠡᠭᠲᠡᠶ ᠬᠡᠵᠣ ᠴᠢᠬᠤᠯᠠᠴᠢᠯᠠᠪᠠ᠃       ᠬᠤᠰᠢᠭᠤᠨ ᠤ ᠤᠳᠤᠷᠢᠳᠤᠯᠭ᠎ᠠ ᠬᠠᠢ ᠤᠯᠠᠭᠠᠨᠳᠤᠶᠠᠭ᠎ᠠ᠂ ᠦ᠋ ᠶᠣᠣ ᠯᠢᠨ᠂ ᠫᠠᠩ ᠯᠦᠩ ᠬᠤ᠋᠂ ᠵᠠᠩ ᠶᠧ᠂ ᠱᠢ ᠯᠸᠢ ᠱᠠᠯᠠᠪᠳᠠᠭᠤᠯᠤᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃  
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ