ᠵᠢᠶᠠ ᠶᠦᠩ ᠫᠢᠩ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/28
      6 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᠶᠦᠩ ᠫᠢᠩ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠠᠷᠢᠭᠤᠴᠠᠯᠭᠠᠲᠠᠤᠨ ᠢ ᠵᠣᠬᠢᠶᠠᠨ ᠪᠠᠶᠢᠭᠤᠯᠵᠤ ᠮᠤᠵᠢ ᠶᠢᠨ 212 ᠵᠠᠮ ᠱᠤᠭᠤᠮ᠂ ᠬᠠᠯᠢᠭᠤᠲᠤ ᠶᠢᠨ ᠪᠠᠷᠠᠭᠤᠨ ᠲᠠᠯ᠎ᠠ ᠶᠢᠨ  ᠭᠦᠢᠯᠭᠡᠭᠡᠨ ᠤ ᠬᠦᠷᠢᠶᠡᠯᠡᠩ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠬᠡᠮ ᠰᠣᠭᠤᠭ ᠢ  ᠰᠢᠢᠳᠪᠦᠷᠢᠯᠡᠬᠦ ᠶᠢ ᠠᠬᠢᠭᠤᠯᠬᠤ ᠠᠷᠭ᠎ᠠ ᠶᠢ ᠲᠤᠬᠠᠶ ᠶᠢᠨ ᠭᠠᠵᠠᠷ ᠲᠤᠨᠢ ᠰᠤᠳᠤᠯᠪᠠ᠃ ᠵᠠᠮ ᠬᠠᠷᠢᠯᠴᠠᠭᠠᠨ  ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠴᠢᠩᠭ᠎ᠠ ᠪᠣᠳᠠᠲᠠᠶ ᠠᠳᠬᠤᠨ ᠦᠷ᠎ᠡ ᠪᠦᠲᠦᠮᠵᠢ ᠭᠠᠷᠭᠠᠵᠤ᠂ ᠠᠮᠤᠷ ᠲᠦᠪᠰᠢᠨ ᠲᠣᠭᠲᠠᠭᠤᠨ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠪᠣᠶ ᠪᠣᠯᠭᠠᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ