ᠣᠷᠠᠳ ᠤᠨ ᠲᠤᠮᠳᠠᠳᠤ ᠬᠤᠰᠢᠭᠤᠨ ᠤ ᠠᠩᠬᠠᠳᠠᠭᠴᠢ ᠬᠦᠳᠡᠯᠭᠡᠬᠦ ᠬᠦᠴᠦᠨ ᠦᠭᠡᠢ ᠪᠠᠶ᠎ᠡ ᠲᠠᠮᠢᠷ ᠤᠨ ᠵᠤᠭ᠎ᠠ ᠴᠡᠩᠭᠡᠯ ᠤᠨ ᠬᠦᠷᠢᠶᠡᠯᠡᠩ ᠠᠰᠢᠭᠯᠠᠯᠳᠠ ᠳᠤ ᠤᠷᠤᠬᠤ ᠪᠠᠷ ᠪᠣᠢ
ᠨᠡᠶᠢᠲᠡᠯᠡᠭᠰᠡᠨ ᠴᠠᠭ᠄
2024/6/28
      ᠣᠶᠢᠷ᠎ᠠ ᠶᠢᠨ ᠡᠳᠦᠷ᠂ ᠣᠷᠠᠳ ᠤᠨ ᠳᠤᠮᠳᠠᠳᠤ ᠬᠤᠰᠢᠭᠤᠨ ᠤ ᠠᠩᠬᠠᠳᠠᠭᠴᠢ ᠬᠥᠳᠡᠯᠭᠡᠬᠦ ᠬᠦᠴᠦᠨ ᠦᠭᠡᠢ ᠪᠡᠶ᠎ᠡ ᠲᠠᠮᠢᠷ ᠤᠨ ᠵᠤᠭ᠎ᠠ ᠴᠡᠩᠭᠡᠯ ᠤᠨ ᠬᠦᠷᠢᠶᠡᠯᠡᠩ ᠤᠳᠠᠯ ᠦᠭᠡᠢ ᠲᠣᠷᠰᠢᠨ ᠡᠵᠡᠩᠨᠡᠬᠦ ᠪᠠᠷ ᠪᠣᠢ᠃       ᠣᠶᠢᠯᠠᠭᠠᠭᠰᠠᠨ ᠢᠶᠠᠷ᠂ ᠬᠠᠯᠢᠭᠤᠲᠤ ᠪᠠᠯᠭᠠᠰᠤᠨ ᠤ ᠠᠮᠢ ᠠᠬᠤᠶ ᠶᠢᠨ ᠬᠦᠷᠢᠶᠡᠯᠡᠩ ᠤᠨ ᠵᠤᠭ᠎ᠠ ᠴᠡᠩᠭᠡᠯ ᠤᠨ ᠬᠦᠷᠢᠶᠡᠯᠡᠩ ᠤᠨ ᠲᠥᠷᠥᠯ ᠵᠦᠢᠯ ᠪᠣᠯ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠᠷ ᠳᠠᠮᠵᠢᠭᠤᠯᠤᠨ᠂ ᠥᠪᠥᠷ ᠮᠣᠩᠭᠤᠯ ᠤᠨ ᠴᠢᠩ ᠹᠧᠩ ᠰᠣᠶᠣᠯ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠠᠴᠠ ᠪᠥᠲᠥᠭᠡᠨ ᠪᠠᠶᠢᠭᠤᠯᠵᠤ ᠪᠠᠶᠢᠭ᠎ᠠ᠂ ᠶᠡᠷᠦᠩᠬᠡᠶ ᠪᠠᠯᠠ ᠣᠷᠣᠭᠤᠯᠤᠯᠲᠠ ᠨᠢ 140 ᠲᠦᠮᠡᠨ ᠲᠥᠭᠦᠷᠢᠭ ᠤᠨ᠂ 15 ᠮᠥ ᠲᠠᠯᠠᠪᠠᠶ ᠡᠵᠡᠯᠡᠵᠦ ᠪᠦᠬᠦᠢ᠂ ᠤᠷᠠᠳ ᠤᠨ ᠳᠤᠮᠳᠠᠳᠤ ᠬᠤᠰᠢᠭᠤᠨ ᠤ ᠠᠩᠬᠠᠳᠠᠭᠴᠢ ᠬᠥᠳᠡᠯᠭᠡᠬᠦ ᠬᠦᠴᠦᠨ ᠥᠬᠡᠶ ᠬᠡᠤᠬᠡᠳ ᠤᠨ ᠵᠤᠭ᠎ᠠ ᠴᠡᠩᠭᠡᠯ ᠤᠨ ᠬᠦᠷᠢᠶᠡᠯᠡᠩ ᠪᠣᠯᠤᠨ᠎ᠠ᠃ ᠬᠦᠷᠢᠶᠡᠯᠡᠩ ᠤᠨ ᠳᠣᠲᠣᠷᠠᠬᠢ ᠵᠤᠭ᠎ᠠ ᠴᠡᠩᠭᠡᠯ ᠤᠨ ᠲᠥᠬᠦᠭᠡᠷᠦᠮᠵᠢ ᠨᠢ ᠴᠥᠮ ᠬᠥᠳᠡᠯᠭᠡᠬᠦ ᠬᠦᠴᠦᠨ ᠥᠬᠡᠶ ᠬᠥᠳᠡᠯᠭᠡᠭᠦᠷ ᠢ ᠬᠡᠷᠡᠭᠯᠡᠵᠣ᠂ ᠠᠮᠤᠷ ᠲᠦᠪᠰᠢᠨ ᠪᠦᠭᠡᠳ ᠣᠷᠴᠢᠨ ᠲᠣᠭᠤᠷᠢᠨ ᠳᠤ ᠬᠤᠣᠷ ᠦᠭᠡᠢ᠂ ᠵᠢᠷᠤᠭ ᠲᠦᠯᠦᠪᠯᠡᠭᠡ ᠨᠢ ᠪᠦᠲᠦᠭᠡᠯᠴᠢ ᠴᠢᠨᠠᠷ ᠢᠶᠠᠷ ᠪᠢᠯᠬᠠᠨ᠎ᠠ᠃ ᠬᠦᠷᠢᠶᠡᠯᠡᠩ ᠤᠨ ᠳᠣᠲᠣᠷ᠎ᠠ ᠭᠤᠯᠭᠤᠭᠤᠷ ᠱᠠᠳᠤ᠂ ᠳᠡᠭᠦᠵᠢᠩ᠂ ᠲᠣᠣᠷᠯᠢᠭ ᠲᠡᠭᠡᠰᠦᠨ ᠵᠤᠭ᠎ᠠ ᠴᠡᠩᠭᠡᠯ ᠤᠨ ᠬᠦᠷᠢᠶᠡᠯᠡᠩ᠂ ᠬᠡᠦᠬᠡᠳ ᠤᠨ ᠰᠤᠷ ᠬᠠᠷᠪᠤᠬᠤ᠂ ᠬᠥᠯ ᠪᠥᠮᠪᠦᠭᠡ ᠵᠡᠷᠭᠡ 20 ᠭᠠᠷᠤᠢ ᠵᠦᠢᠯ ᠤᠨ ᠬᠥᠳᠡᠯᠭᠡᠬᠦ ᠬᠦᠴᠦᠨ ᠦᠭᠡᠢ ᠵᠣᠭᠠᠴᠠᠨ ᠨᠠᠭᠠᠳᠬᠤ ᠲᠦᠷᠦᠯ ᠵᠦᠢᠯ ᠪᠤᠢ᠃ ᠣᠳᠣ ᠤᠳᠠᠯ ᠦᠭᠡᠢ ᠲᠥᠬᠦᠭᠡᠷᠦᠮᠵᠢ ᠶᠢᠨ ᠣᠭᠰᠠᠷᠠᠯᠳᠠ ᠶᠢ ᠲᠠᠭᠤᠰᠬᠠᠬᠤ ᠪᠠᠷ ᠪᠣᠢ᠃       ᠪᠥᠲᠥᠭᠡᠨ ᠪᠠᠶᠢᠭᠤᠯᠤᠯᠲᠠ ᠶᠢᠨ ᠨᠢᠭᠡᠴᠢ ᠶᠢᠨ ᠬᠠᠷᠢᠭᠤᠴᠠᠯᠭᠠᠲᠠᠨ ᠴᠢ ᠰᠢᠶᠠᠩ᠄ ︽ᠰᠢᠩ ᠭᠤᠸᠠᠩ ᠵᠤᠭ᠎ᠠ ᠴᠡᠩᠭᠡᠯ ᠤᠨ ᠬᠦᠷᠢᠶᠡᠯᠡᠩ ᠤᠨ ᠬᠥᠳᠡᠯᠭᠡᠬᠦ ᠬᠦᠴᠦᠨ ᠥᠬᠡᠶ ᠵᠣᠭᠠᠴᠠᠨ ᠨᠠᠭᠠᠳᠬᠤ ᠭᠠᠵᠠᠷ ᠨᠢ 5 ᠰᠠᠷ᠎ᠠ ᠶᠢᠨ 6 ᠤ ᠡᠳᠦᠷ ᠠᠴᠠ ᠡᠬᠢᠯᠡᠨ ᠲᠦᠭᠦᠭᠡᠷᠣᠮᠵᠢ ᠶᠢ ᠤᠭᠰᠠᠷᠠᠵᠤ᠂ ᠣᠳᠣᠬᠠᠨ ᠳᠤ ᠤᠭᠰᠠᠷᠠᠬᠤ ᠠᠵᠢᠯ ᠨᠢᠭᠡᠨᠲᠡ ᠰᠢᠪᠲᠤᠷᠭᠠᠨ ᠳᠠᠭᠠᠨ ᠣᠷᠣᠵᠤ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠮᠠᠨ ᠤ ᠬᠤᠰᠢᠭᠤᠨ ᠤ ᠵᠠᠯᠠᠭᠤᠴᠤᠳ ᠪᠠᠭᠠᠴᠤᠳ ᠤᠨ ᠬᠥᠳᠡᠯᠭᠡᠬᠦ ᠬᠦᠴᠦᠨ ᠥᠬᠡᠶ ᠬᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠬᠤᠭᠤᠰᠣᠨ ᠢ ᠨᠥᠬᠦᠪᠥᠷᠢᠯᠡᠨ᠎ᠡ︾ ᠬᠡᠵᠣ ᠲᠠᠨᠢᠯᠴᠠᠭᠤᠯᠪᠠ᠃       ᠬᠥᠳᠡᠯᠭᠡᠬᠦ ᠬᠦᠴᠦᠨ ᠦᠭᠡᠢ ᠵᠤᠭ᠎ᠠ ᠴᠡᠩᠭᠡᠯ ᠤᠨ ᠬᠦᠷᠢᠶᠡᠯᠡᠩ ᠨᠢ ᠵᠣᠭᠠᠴᠠᠨ ᠨᠠᠭᠠᠳᠬᠤ ᠥᠩᠭᠡᠷᠡᠯᠲᠡ ᠶᠢ ᠴᠢᠬᠤᠯᠠᠴᠢᠯᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ ᠤᠷᠠᠳ ᠤᠨ ᠳᠤᠮᠳᠠᠳᠤ ᠬᠤᠰᠢᠭᠤᠨ ᠤ ᠰᠠᠭᠤᠭᠠᠯᠢ ᠠᠷᠠᠳ ᠲᠤ ᠥᠩᠭᠡᠷᠡᠭᠰᠡᠨ ᠲᠠᠢ ᠠᠳᠠᠯᠢ ᠪᠣᠰᠣ ᠵᠤᠭ᠎ᠠ ᠴᠡᠩᠭᠡᠯ ᠤᠨ ᠨᠢᠭᠡ ᠵᠦᠢᠯ ᠤᠨ ᠠᠷᠭ᠎ᠠ ᠮᠠᠶ᠋ᠢᠭ ᠢ ᠬᠠᠩᠭᠠᠵᠤ᠂ ᠠᠮᠢ ᠠᠬᠤᠶ ᠶᠢᠨ ᠬᠦᠷᠢᠶᠡᠯᠡᠩ ᠤᠨ ᠦᠵᠡᠮᠵᠢ ᠶᠢᠨ ᠲᠣᠭᠤᠷᠢᠭ ᠤᠨ ᠬᠤᠲᠠ ᠶᠢᠨ ᠠᠷᠠᠳ ᠤᠨ ᠵᠣᠭᠠᠴᠠᠨ ᠨᠠᠭᠠᠳᠬᠤ ᠲᠠᠯ᠎ᠠ ᠶᠢᠨ ᠬᠤᠭᠤᠰᠣᠨ ᠢ ᠨᠥᠬᠦᠪᠥᠷᠢᠯᠡᠵᠦ᠂ ᠦᠵᠡᠮᠵᠢ ᠶᠢᠨ ᠣᠷᠣᠨ ᠳᠤ ᠵᠤᠭᠠᠴᠠᠨ ᠨᠠᠭᠠᠳᠴᠤ ᠪᠠᠶᠢᠭ᠎ᠠ ᠬᠤᠲᠠ ᠶᠢᠨ ᠠᠷᠠᠳ ᠲᠤ ᠨᠠᠩ ᠣᠯᠠᠨ ᠪᠠᠶᠠᠷ ᠪᠠᠶᠠᠰᠣᠯ ᠪᠠ ᠣᠶᠢᠯᠠᠭᠠᠯᠲᠠ ᠣᠯᠭᠤᠬᠤ ᠪᠣᠯᠣᠨ᠎ᠠ᠃ ᠡᠭᠦᠨ ᠤ ᠬᠠᠮᠲᠤ ᠬᠠᠯᠢᠭᠤᠲᠤ ᠪᠠᠯᠭᠠᠰᠤᠨ ᠤ ᠰᠣᠶᠣᠯ ᠵᠢᠭᠤᠯᠴᠢᠯᠠᠯ ᠤᠨ ᠳᠦᠷᠢ ᠲᠥᠷᠬᠦ ᠶᠢ ᠳᠡᠭᠡᠭᠰᠢᠯᠡᠭᠦᠯᠵᠦ᠂ ᠭᠠᠵᠠᠷ ᠣᠷᠣᠨ ᠤ ᠣᠨᠴᠠᠯᠢᠭ ᠢ ᠪᠦᠳᠦᠭᠡᠬᠦ ᠳᠤ ᠲᠦᠢᠯ ᠤᠨ ᠶᠡᠭᠡ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ᠃       ᠳᠠᠷᠠᠭᠠᠴᠢ ᠶᠢᠨ ᠠᠯᠬᠤᠮ ᠳᠤ᠂ ᠬᠠᠯᠢᠭᠤᠲᠤ ᠪᠠᠯᠭᠠᠰᠤ ᠰᠣᠶᠣᠯ ᠵᠢᠭᠤᠯᠴᠢᠯᠠᠯ ᠤᠨ ᠠᠭᠤᠰᠣᠯᠴᠠᠯ ᠢ ᠦᠷᠭᠦᠯᠵᠢᠯᠡᠨ ᠪᠠᠷᠢᠮᠲᠠᠯᠠᠵᠤ᠂ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ᠂ ᠣᠷᠣᠰᠢᠨ ᠰᠠᠭᠤᠷᠢᠰᠢᠬᠤ ᠳᠤ ᠲᠣᠬᠢᠷᠠᠮᠵᠢᠳᠠᠢ᠂ ᠪᠠᠶᠠᠷ ᠴᠡᠩᠭᠡᠯ ᠲᠠᠢ᠂ ᠵᠤᠭᠠᠴᠠᠬᠤ ᠳᠤ ᠲᠣᠬᠢᠷᠠᠮᠵᠢᠲᠠᠢ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠡᠭᠦᠳᠴᠦ᠂ ᠲᠦᠷᠦᠯ ᠵᠦᠢᠯ ᠪᠣᠯᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠲᠦᠷᠭᠡᠳᠬᠡᠵᠦ᠂ ᠤᠷᠠᠳ ᠤᠨ ᠳᠤᠮᠳᠠᠳᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠪᠣᠢ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ