ᠵᠢᠶᠠ ᠶᠦᠩ ᠫᠢᠩ ᠤᠷᠠᠳ ᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰ ᠤᠨ ᠬᠦᠷᠢᠶᠡᠯᠡᠩ ᠤᠨ ᠪᠡᠯᠡᠳᠬᠡᠯ ᠺᠣᠮᠢᠰ  ᠤᠨ ᠡᠷᠬᠢᠯᠡᠭᠴᠢ ᠶᠢᠨ ᠠᠯᠪᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/28
      6 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᠶᠦᠩ ᠫᠢᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠠᠨ ᠸᠧᠶ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠸᠠᠩ ᠶᠦᠨ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰ ᠤᠨ ᠬᠦᠷᠢᠶᠡᠯᠡᠩ ᠤᠨ ᠪᠡᠯᠡᠳᠬᠡᠯ ᠺᠣᠮᠢᠰ ᠤᠨ ᠪᠦᠷᠢᠯᠳᠦᠬᠦᠨ ᠨᠢᠭᠡᠴᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠤᠨ ᠢ ᠵᠣᠬᠢᠶᠠᠨ ᠪᠠᠶᠢᠭᠤᠯᠵᠤ ᠤᠷᠠᠳ ᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ  ᠶᠢᠨ ᠠᠵᠤ  ᠦᠢᠯᠡᠰ ᠤᠨ ᠬᠦᠷᠢᠶᠡᠯᠡᠩ ᠤᠨ ᠪᠡᠯᠡᠳᠬᠡᠯ ᠺᠣᠮᠢᠰ ᠤᠨ ᠡᠷᠬᠢᠯᠡᠭᠴᠢ ᠶᠢᠨ ᠠᠯᠪᠠᠨ ᠬᠤᠷᠠᠯ ᠢ ᠬᠤᠷᠠᠯᠳᠤᠭᠤᠯᠪᠠ᠃ ᠪᠡᠯᠡᠳᠬᠡᠯ ᠺᠣᠮᠢᠰ ᠤᠨ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ︽ᠤᠷᠠᠳ ᠨᠤᠳᠤᠭ ᠤᠨ ᠠᠮᠳᠠᠳᠦ ᠢᠳᠡᠭᠡᠨ︾ ᠣᠯᠠᠨ ᠤᠯᠤᠰ ᠤᠨ ᠢᠳᠡᠭᠡᠨ ᠤ ᠠᠵᠤ  ᠦᠢᠯᠡᠰ ᠤᠨ ᠬᠦᠷᠢᠶᠡᠯᠡᠩ ᠤᠨ ᠠᠷᠠᠯᠵᠢᠶᠠᠴᠢᠨ ᠤᠷᠢᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠥᠬᠦᠶ ᠠᠰᠠᠭᠤᠳᠠᠯ  ᠢ ᠰᠤᠳᠤᠯᠪᠠ᠃ ᠡᠯ᠎ᠡ ᠪᠦᠷᠢᠯᠳᠦᠬᠦᠨ ᠨᠢᠭᠡᠴᠢ ᠶᠢᠨ ᠬᠢᠨ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ  ᠭᠦᠢᠴᠡᠳᠬᠡᠵᠦ᠂ ᠬᠤᠶᠢᠰᠢᠯᠠᠭᠤᠯᠬᠤ ᠥᠬᠡᠶ ᠲᠦᠰᠢᠭᠯᠡᠬᠦ ᠥᠬᠡᠶ ᠪᠠᠶᠢᠵᠤ᠂ ᠥᠮᠴᠢᠯᠡᠯ ᠤᠨ ᠡᠷᠬᠡ ᠶᠢ ᠬᠤᠪᠢᠶᠠᠷᠢᠯᠠᠨ ᠰᠢᠯᠵᠢᠭᠦᠯᠬᠦ᠂ ᠡᠮᠦᠨᠡᠬᠢ ᠬᠤᠭᠤᠴᠠᠭᠠᠨ ᠤ ᠭᠠᠷᠳᠠᠮ ᠢ  ᠭᠦᠢᠴᠡᠳᠬᠡᠬᠦ ᠵᠡᠷᠭᠡ ᠠᠰᠠᠭᠤᠳᠠᠯ ᠢ ᠲᠦᠷᠭᠡᠳᠬᠡᠨ  ᠰᠢᠢᠳᠪᠦᠷᠢᠯᠡᠵᠦ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠡᠯ᠎ᠡ  ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠡᠯᠡᠳᠬᠡᠯ ᠺᠣᠮᠢᠰ ᠨᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ᠵᠢᠴᠢ ᠬᠠᠮᠢᠶ᠎ᠠ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠠᠰᠠᠭᠤᠳᠠᠯ ᠤᠨ ᠲᠣᠳᠣᠷᠬᠠᠢ ᠬᠠᠭᠤᠳᠠᠰᠤ ᠵᠢᠭᠰᠠᠭᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠪᠢᠴᠢᠭ᠂ ᠵᠠᠮ ᠱᠤᠭᠤᠮ ᠤᠨ ᠵᠢᠷᠤᠭ᠂ ᠴᠠᠭ ᠤᠨ ᠬᠦᠰᠦᠨᠦᠭᠲᠦ᠂ ᠬᠠᠷᠢᠭᠤᠴᠠᠯᠭ᠎ᠠ ᠶᠢᠨ ᠲᠥᠷᠢᠮ ᠢ ᠲᠣᠳᠣᠷᠬᠠᠶᠢᠯᠠᠨ᠂ ᠦᠷ᠎ᠡ ᠪᠦᠲᠦᠮᠵᠢᠲᠡᠢ᠂ ᠦᠷ᠎ᠡ ᠠᠰᠢᠭ ᠲᠠᠢ ᠪᠠᠶᠢᠬᠤ ᠶᠢ ᠪᠡᠶᠡᠯᠡᠭᠦᠯᠵᠦ᠂ ᠠᠵᠤ ᠦᠢᠯᠡᠰ ᠤᠨ ᠬᠦᠷᠢᠶᠡᠯᠡᠩ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ