ᠲᠦᠭᠡᠮᠡᠯ ᠬᠠᠷᠠᠭᠠᠯᠵᠠᠯᠲᠤ ᠳᠠᠭᠠᠳᠬᠠᠯ ᠪᠣᠯ ᠳᠤᠮᠳᠠᠳᠤ ᠤᠯᠤᠰ ᠤᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠴᠢᠬᠤᠯᠠ ᠪᠦᠷᠢᠯᠳᠦᠬᠦᠨ ᠬᠡᠰᠡᠭ | ᠮᠥᠨ᠃ ᠡᠮᠦᠨᠡᠬᠡᠨ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ︽ᠲᠦᠭᠡᠮᠡᠯ ᠬᠠᠷᠠᠭᠠᠯᠵᠠᠯᠲᠤ ᠳᠠᠭᠠᠳᠬᠠᠯ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵︽ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ ᠲᠦᠭᠡᠮᠡᠯ ᠬᠠᠷᠠᠭᠠᠯᠵᠠᠯᠲᠤ | ᠳᠠᠭᠠᠳᠬᠠᠯ ᠤᠨ ᠲᠦᠷᠢᠮ ᠲᠣᠭᠲᠠᠭᠠᠯ ᠢ ᠬᠦᠴᠦᠯᠡᠨ ᠲᠡᠭᠦᠯᠳᠡᠷᠵᠢᠭᠦᠯᠬᠦ ᠶᠢᠨ ᠬᠠᠮᠲᠤ ᠬᠦᠴᠦᠲᠡᠶ ᠲᠥᠷᠥ ᠶᠢᠨ ᠪᠣᠳᠣᠯᠭ᠎ᠠ ᠪᠠᠷ ᠳᠡᠮᠵᠢᠵᠦ᠂ ᠳᠠᠭᠠᠳᠬᠠᠯ ᠤᠨ | ᠦᠢᠯᠡᠰ ᠤᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠡᠵᠡᠩᠨᠡᠯᠲᠡ ᠶᠢᠨ ᠴᠢᠳᠠᠪᠤᠷᠢ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠪᠡ᠃ | ᠠᠷᠠᠳ ᠢᠷᠭᠡᠳ ᠤᠨ ︽ᠣᠯᠵᠤ ᠬᠤᠳᠠᠯᠳᠤᠨ ᠠᠪᠬᠤ︾ ︽ᠬᠤᠳᠠᠯᠳᠤᠨ ᠠᠪᠴᠤ ᠳᠡᠶᠢᠯᠬᠦ︾ ᠶᠢ ᠦᠨᠡᠨ ᠬᠦ ᠪᠠᠲᠤᠯᠠᠨ᠎ᠠ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠤ | ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠨᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠤᠬᠠᠶᠢᠯᠠᠭᠰᠠᠨ | ᠠᠵᠢᠯ ᠢᠶᠠᠨ ᠢᠳᠡᠪᠬᠢᠲᠡᠶ ᠥᠷᠨᠢᠭᠦᠯᠵᠦ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ | ᠦᠢᠯᠡᠳᠬᠦᠨ ᠤ ᠲᠥᠷᠥᠯ ᠬᠡᠯᠪᠡᠷᠢ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠨᠡᠶᠢᠭᠡᠮ ᠤᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ | ᠥᠷᠭᠡᠳᠭᠡᠭᠰᠡᠨ ᠠᠴᠠ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠪᠦᠬᠦᠯᠢ ᠴᠣᠭᠴᠠ ᠲᠣᠭᠲᠠᠭᠤᠨ ᠢᠶᠠᠷ ᠬᠥᠭᠵᠢᠬᠦ ᠬᠠᠨᠳᠤᠰᠢ ᠲᠠᠢ ᠪᠣᠯᠵᠠᠶ᠃ ᠭᠡᠪᠡᠴᠦ ᠲᠦᠭᠡᠮᠡᠯ | ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ ᠦᠢᠯᠡᠴᠢᠯᠡᠭᠡᠨ ᠤ ᠥᠷᠭᠡᠴᠡ ᠬᠦᠷᠦᠯᠴᠡᠬᠦ ᠥᠬᠡᠶ᠂ ᠶᠠᠰᠤ ᠴᠢᠨᠠᠷ ᠰᠠᠶᠢᠨ ᠪᠢᠰᠢ᠂ ᠰᠢᠨ᠎ᠡ ᠶᠢ ᠡᠭᠦᠳᠬᠦ ᠪᠠᠷ | ᠭᠦᠢᠴᠡᠳ ᠪᠣᠰᠤ ᠵᠡᠷᠭᠡ ᠠᠰᠠᠭᠤᠳᠠᠯ ᠤᠳ ᠮᠥᠨ ᠬᠦ ᠣᠷᠣᠰᠢᠵᠤ ᠪᠠᠶᠢᠨ᠎ᠠ ᠭᠡᠵᠡᠢ᠃ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠰᠠᠨᠠᠯ︾ ᠳᠤ ᠬᠡᠳᠦᠨ ᠦᠨᠳᠦᠰᠦᠨ | ᠵᠠᠷᠴᠢᠮ ᠢ ᠲᠣᠳᠣᠷᠬᠠᠶᠢᠯᠠᠪᠠ᠄ | ᠥᠷᠭᠡᠨ ᠬᠡᠪᠴᠢᠶ᠎ᠡ ᠪᠠᠷ ᠬᠠᠮᠤᠷᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠪᠣᠯᠤᠮᠵᠢᠲᠤ ᠴᠢᠨᠠᠷ ᠢ ᠳᠡᠭᠡᠭᠰᠢᠯᠡᠭᠦᠯᠦᠨ᠎ᠡ᠃ ᠳᠠᠭᠠᠳᠬᠠᠯ ᠤᠨ | ᠦᠢᠯᠡᠳᠬᠦᠨ ᠢ ᠪᠠᠷᠢᠮᠵᠢᠶᠠᠵᠢᠭᠤᠯᠬᠤ᠂ ᠬᠢᠯᠪᠠᠷᠵᠢᠭᠤᠯᠬᠤ᠂ ᠳᠥᠭᠦᠮᠴᠢᠯᠡᠬᠦ ᠶᠢ ᠠᠬᠢᠭᠤᠯᠵᠤ᠂ ᠦᠢᠯᠡᠴᠢᠯᠡᠭᠡᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠂ | ᠠᠷᠠᠳ ᠣᠯᠠᠨ ᠤ ᠳᠠᠭᠠᠳᠬᠠᠯ ᠢ ︽ᠣᠯᠵᠤ ᠬᠤᠳᠠᠯᠳᠤᠨ ᠠᠪᠬᠤ︾ ᠶᠢ ᠦᠨᠡᠨ ᠬᠦ ᠪᠠᠲᠤᠯᠠᠨ᠎ᠠ᠃ | ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠡᠭᠦᠷᠭᠡᠯᠡᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠦᠨ᠎ᠡ᠃ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠭᠤᠣᠯᠳᠠᠯᠭ᠎ᠠ ᠲᠠᠢ ᠬᠦᠮᠦᠰ ᠲᠤ ᠬᠢ ᠳᠠᠭᠠᠳᠬᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ᠂ | ᠡᠬᠢ ᠪᠠᠶᠠᠯᠢᠭ ᠤᠨ ᠬᠡᠯᠪᠠᠶᠢᠯᠲᠡ ᠶᠢ ᠡᠷᠴᠢᠮᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠴᠦᠨ ᠣᠯᠭᠤᠬᠤ ᠶᠢ ᠴᠢᠩᠭᠠᠷᠠᠭᠤᠯᠵᠤ᠂ ᠡᠵᠡᠩᠨᠡᠯᠲᠡ | ᠬᠠᠮᠢᠶᠠᠷᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠠᠷᠠᠳ ᠣᠯᠠᠨ ᠤ ᠳᠠᠭᠠᠳᠬᠠᠯ ︽ᠬᠤᠳᠠᠯᠳᠤᠨ ᠠᠪᠴᠤ ᠳᠡᠶᠢᠯᠬᠦ︾ ᠶᠢ ᠦᠨᠡᠨ ᠬᠦ ᠪᠠᠲᠤᠯᠠᠨ᠎ᠠ᠃ | ᠲᠥᠪ ᠭᠤᠣᠯᠴᠢ ᠦᠨᠡᠨᠴᠢ ᠢᠲᠡᠭᠡᠮᠵᠢᠲᠡᠢ ᠪᠠᠶᠢᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠳᠬᠦᠨ ᠤ ᠪᠠᠲᠤᠯᠠᠭ᠎ᠠ ᠶᠢᠨ ᠰᠢᠨᠵᠢ ᠴᠢᠨᠠᠷ ᠢ | ᠳᠡᠭᠡᠭᠰᠢᠯᠡᠭᠦᠯᠦᠨ᠎ᠡ᠃ ᠨᠡᠶᠢᠭᠡᠮ ᠨᠡᠶᠢᠲᠡ ᠶᠢᠨ ᠳᠠᠭᠠᠳᠬᠠᠯ ᠤᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠭᠡᠷ᠎ᠡ ᠶᠢᠨ ᠵᠣᠷᠢᠭ ᠰᠠᠨᠠᠭ᠎ᠠ ᠪᠠ ᠦᠨᠡᠨᠴᠢ ᠢᠲᠡᠭᠡᠮᠵᠢ ᠶᠢᠨ | ᠰᠣᠶᠣᠯ ᠢ ᠪᠤᠶᠢᠵᠢᠭᠤᠯᠬᠤ ᠬᠡᠷᠡᠭᠲᠡᠶ᠃ ᠲᠦᠯᠦᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠰᠠᠶᠢᠵᠢᠷᠠᠭᠤᠯᠵᠤ᠂ ᠬᠠᠤᠯᠢ | ᠲᠣᠭᠲᠠᠭᠠᠯ ᠳᠤ ᠨᠡᠶᠢᠴᠡᠭᠰᠡᠨ ︽ᠲᠦᠯᠦᠪᠦᠷᠢ ᠳᠤ ᠬᠠᠨᠤᠮᠵᠢᠲᠠᠢ ᠪᠠᠶᠢᠬᠤ︾ ᠶᠢ ᠦᠨᠡᠨ ᠬᠦ ᠠᠬᠢᠭᠤᠯᠤᠨ᠎ᠠ᠃ | ᠯᠠᠪᠳᠠᠭᠤᠨ ᠪᠠᠲᠤᠲᠠᠢ ᠪᠠᠷ ᠠᠵᠢᠯᠯᠠᠭᠤᠯᠬᠤ ᠶᠢ ᠪᠠᠷᠢᠮᠲᠠᠯᠠᠵᠤ᠂ ᠳᠠᠭᠠᠳᠬᠠᠯ ᠤᠨ ᠡᠵᠡᠩᠨᠡᠯᠲᠡ ᠶᠢᠨ ᠦᠷᠭᠦᠯᠵᠢᠯᠡᠬᠦ᠋ᠢᠴᠡ ᠴᠢᠨᠠᠷ ᠢ ᠳᠡᠭᠡᠭᠰᠢᠯᠡᠭᠦᠯᠦᠨ᠎ᠡ᠃ | ᠳᠠᠭᠠᠳᠬᠠᠯ ᠤᠨ ᠡᠵᠡᠩᠨᠡᠯᠲᠡ ᠶᠢᠨ ᠵᠢᠮ᠎ᠡ ᠶᠣᠰᠣ ᠶᠢ ᠡᠵᠡᠮᠳᠡᠵᠦ᠂ ᠦᠢᠯᠡᠳᠬᠦᠨ ᠤ ᠦᠨ᠎ᠡ ᠲᠣᠭᠲᠠᠭᠠᠵᠤ ᠡᠭᠡᠭᠦᠯᠦᠨ ᠮᠥᠷᠳᠡᠬᠦ ᠵᠠᠳᠠᠯᠤᠯᠲᠠ ᠶᠢ ᠴᠢᠩᠭᠠᠷᠠᠭᠤᠯᠵᠤ᠂ | ᠤᠷᠲᠤ ᠬᠤᠭᠤᠴᠠᠭᠠᠨ ᠤ ᠦᠶᠡᠯᠡᠯ ᠤᠨ ᠦᠨᠡᠯᠡᠨ ᠵᠢᠱᠢᠵᠦ ᠬᠢᠨᠠᠨ ᠰᠢᠯᠭᠠᠬᠤ ᠶᠢ ᠡᠷᠴᠢᠮᠵᠢᠭᠦᠯᠵᠦ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠣᠷᠳᠣ | ᠬᠤᠭᠤᠴᠠᠭᠠᠨ ᠤ ᠡᠷᠡᠭᠦᠯ ᠬᠥᠭᠵᠢᠯᠲᠡ ᠶᠢ ᠠᠬᠢᠭᠤᠯᠤᠨ᠎ᠠ᠃ | ᠲᠥᠪ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠳᠠᠭᠠᠳᠬᠠᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠲᠤᠤ ᠼᠦᠨ ᠸᠧᠨ | ᠲᠣᠰ ᠰᠣᠨᠢᠨ ᠤ ᠰᠤᠷᠪᠤᠯᠵᠢᠯᠠᠭᠴᠢ ᠳᠤ ᠬᠡᠯᠡᠬᠦ ᠳᠤ ᠪᠠᠨ᠂ ︽ᠰᠠᠨᠠᠯ︾ ᠤᠨ ᠨᠡᠶᠢᠲᠡᠯᠡᠭᠳᠡᠭᠰᠡᠨ ᠨᠢ ᠲᠥᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠭᠡᠮᠡᠯ | ᠬᠠᠷᠠᠭᠠᠯᠵᠠᠯᠲᠤ ᠮᠥᠩᠭᠦᠨ ᠭᠦᠢᠯᠭᠡᠭᠡᠨ ᠳᠠᠬᠢ ᠴᠢᠬᠤᠯᠠ ᠪᠠᠶᠢᠷᠢ ᠰᠠᠭᠤᠷᠢ ᠶᠢ ᠢᠯᠡᠷᠡᠭᠦᠯᠪᠡ᠃ ︽ᠰᠠᠨᠠᠯ︾ ᠳᠤ ᠳᠤᠷᠠᠳᠤᠭᠰᠠᠨ ᠵᠠᠷᠴᠢᠮ᠂ ᠬᠠᠷᠠᠯᠲᠠ᠂ ᠠᠷᠭ᠎ᠠ | ᠬᠡᠮᠵᠢᠶ᠎ᠡ ᠨᠢ ᠥᠩᠭᠡᠷᠡᠭᠰᠡᠨ ᠤ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠤᠷᠰᠢᠯᠲᠠ ᠶᠢᠨ ᠶᠠᠪᠤᠴᠠ ᠳᠠᠬᠢ ᠲᠤᠷᠰᠢᠯᠭ᠎ᠠ ᠨᠤᠭᠤᠳ ᠢ ᠰᠢᠰᠲ᠋ᠧᠮ ᠲᠠᠢ ᠳ᠋ᠦᠩᠨᠡᠨ | ᠰᠢᠩᠭᠡᠭᠡᠨ ᠠᠪᠴᠤ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠲᠠᠶ ᠬᠥᠭᠵᠢᠯᠲᠡ ᠳᠤ ᠲᠥᠷᠥ ᠶᠢᠨ ᠪᠣᠳᠣᠯᠭ᠎ᠠ ᠶᠢᠨ ᠠᠰᠢᠭ ᠨᠡᠮᠡᠷᠢᠯᠡᠭᠰᠡᠨ ᠪᠠᠶᠢᠨ᠎ᠠ | ᠭᠡᠵᠡᠢ᠃ | ᠲᠦᠭᠰᠢᠭᠦᠷᠢ ᠠᠴᠠ ᠪᠠᠲᠤᠯᠠᠬᠤ ᠬᠠᠮᠤᠷᠬᠤ ᠬᠡᠪᠴᠢᠶ᠎ᠡ ᠶᠢ ᠥᠷᠭᠡᠳᠭᠡᠨ᠎ᠡ | ᠪᠣᠳᠠᠲᠠᠶ ᠪᠠᠶᠢᠳᠠᠯ ᠠᠴᠠ ᠦᠵᠡᠪᠡᠯ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠬᠤ | ᠪᠣᠯ ︽ᠰᠠᠨᠠᠯ︾ ᠤᠨ ᠴᠢᠬᠤᠯᠠ ᠦᠵᠡᠴᠡ ᠪᠣᠯᠤᠨ᠎ᠠ᠃ | ᠣᠨᠴᠠᠭᠠᠢ ᠲᠣᠭᠲᠠᠭᠠᠭᠰᠠᠨ ᠬᠠᠮᠲᠤᠯᠢᠭ ᠲᠤ ᠳᠠᠭᠠᠳᠬᠠᠯ ᠤᠨ ᠪᠠᠲᠤᠯᠠᠭ᠎ᠠ ᠬᠠᠩᠭᠠᠬᠤ ᠪᠠᠨ ᠡᠷᠴᠢᠮᠵᠢᠭᠦᠯᠬᠦ ᠲᠠᠯ᠎ᠠ ᠪᠠᠷ᠂ ︽ᠰᠠᠨᠠᠯ︾ ᠳᠤ ︽ | ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠪᠠ ᠳᠥᠯᠥᠬᠦ ᠴᠢᠳᠠᠪᠤᠷᠢ ᠳᠤ ᠳᠣᠭᠢᠷᠠᠬᠤ ᠰᠠᠨᠠᠭᠠᠨ ᠳᠤ ᠥᠬᠡᠶ ᠰᠢᠷᠬᠠᠲᠤᠯ ᠤᠨ ᠳᠠᠭᠠᠳᠬᠠᠯ ᠪᠠ ᠡᠷᠡᠭᠦᠯ | ᠮᠡᠨᠳᠦ ᠶᠢᠨ ᠳᠠᠭᠠᠳᠬᠠᠯ ᠤᠨ ᠦᠢᠯᠡᠳᠬᠦᠨ ᠢ ᠶᠡᠭᠡ ᠪᠠᠷ ᠬᠥᠭᠵᠢᠭᠦᠯᠬᠦ︾ ︽ᠡᠮᠡᠭᠲᠡᠶᠢᠴᠦᠳ ᠤᠨ ︿ᠬᠤᠶᠠᠷ ᠥᠮᠡᠨ﹀᠂ ᠬᠡᠤᠬᠡᠳ ᠤᠨ ᠲᠥᠷᠥᠯᠬᠢ ᠴᠢᠨᠠᠷᠲᠠᠶ᠂ | ᠬᠤᠪᠣᠷ ᠲᠣᠬᠢᠶᠠᠯᠳᠤᠬᠤ ᠡᠪᠡᠳᠴᠢᠨ ᠵᠡᠷᠭᠡ ᠶᠢᠨ ᠳᠠᠭᠠᠳᠬᠠᠯ ᠤᠨ ᠪᠠᠲᠤᠯᠠᠭ᠎ᠠ ᠶᠢ ᠴᠢᠩᠭᠠᠳᠬᠠᠬᠤ︾ ᠵᠡᠷᠭᠡ ᠠᠷᠭ᠎ᠠ ᠬᠡᠮᠵᠢᠶ᠎ᠡ ᠶᠢ ᠳᠤᠷᠠᠳᠤᠭᠰᠠᠨ ᠢᠶᠠᠷ ᠪᠠᠷᠠᠬᠤ ᠥᠬᠡᠶ | ᠂ ᠪᠠᠰᠠ ᠪᠠᠷᠢᠯᠭ᠎ᠠ ᠶᠢᠨ ᠠᠵᠢᠯᠴᠢᠨ᠂ ᠲᠦᠷᠭᠡᠨ ᠬᠦᠷᠭᠡᠯᠲᠡ ᠶᠢᠨ ᠵᠢᠯᠣᠭᠤᠴᠢ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠵᠢᠯᠣᠭᠤᠴᠢ᠂ ᠪᠠᠷᠠᠭᠠᠨ ᠲᠡᠷᠭᠡᠨ ᠤ | ᠵᠢᠯᠣᠭᠤᠴᠢ᠂ ᠰᠦᠯᠵᠢᠶᠡᠨ ᠤ ᠳᠡᠯᠭᠡᠭᠦᠷ ᠤᠨ ᠡᠵᠡᠩᠨᠡᠭᠴᠢ ᠵᠡᠷᠭᠡ ᠬᠤᠲᠠ ᠶᠢᠨ ᠰᠢᠨ᠎ᠡ ᠠᠷᠠᠳ ᠤᠨ ᠬᠠᠮᠲᠤᠯᠢᠭ ᠪᠠ ᠠᠮᠢᠳᠤᠯᠢᠭ ᠢᠶᠠᠷ ᠠᠵᠢᠯ ᠣᠯᠤᠭᠰᠠᠳ ᠲᠤ | ᠠᠩᠬᠠᠷᠤᠯ ᠢᠶᠠᠨ ᠲᠥᠪᠯᠡᠷᠡᠭᠦᠯᠵᠦ᠂ ᠵᠣᠬᠢᠴᠠᠩᠭᠤᠶ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠠᠷᠢᠭᠤᠴᠠᠯᠭ᠎ᠠ ᠶᠢᠨ ᠳᠠᠭᠠᠳᠬᠠᠯ᠂ ᠰᠠᠨᠠᠭᠠᠨ ᠳᠤ ᠥᠬᠡᠶ | ᠰᠢᠷᠬᠠᠲᠤᠯ ᠤᠨ ᠳᠠᠭᠠᠳᠬᠠᠯ ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠬᠦ ᠶᠢ ᠳᠤᠷᠠᠳᠤᠨ ᠭᠠᠷᠭᠠᠪᠠ᠃ | ᠭᠤᠤᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠠᠴᠠ ᠪᠠᠲᠤᠯᠠᠬᠤ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ᠂ ︽ᠰᠠᠨᠠᠯ︾ ᠳᠤ ︽ᠣᠷᠣᠯᠭ᠎ᠠ ᠶᠢᠨ | ᠳᠠᠭᠠᠳᠬᠠᠯ ᠪᠠ ᠠᠭᠤᠷ ᠠᠮᠢᠰᠬᠤᠯ ᠤᠨ ᠵᠢᠭᠠᠯᠲᠠ ᠲᠣᠭᠠᠨ ᠤ ᠳᠠᠭᠠᠳᠬᠠᠯ ᠳᠤ ᠰᠢᠨ᠎ᠡ ᠶᠢ ᠡᠭᠦᠳᠦᠨ ᠬᠥᠭᠵᠢᠭᠦᠯᠬᠦ︾ ︽ᠳᠠᠭᠠᠳᠬᠠᠯ ᠳᠤ ᠣᠷᠣᠯᠴᠠᠬᠤ ᠳᠤ ᠳᠥᠭᠦᠮ | ᠂ ᠰᠦᠢᠳᠬᠡᠯ ᠲᠤᠰᠢᠶᠠᠬᠤ ᠳᠤ ᠠᠮᠢᠳᠤᠯᠢᠭ᠂ ᠠᠰᠢᠭ ᠣᠷᠣᠯᠭ᠎ᠠ ᠯᠠᠪᠳᠠᠭᠤᠨ᠂ ᠬᠡᠯᠪᠡᠷᠢ ᠮᠠᠶ᠋ᠢᠭ ᠣᠯᠠᠨ ᠶᠠᠩᠵᠤ ᠶᠢᠨ ᠬᠤᠳᠠᠯᠳᠤᠭᠠᠨ ᠤ ᠨᠠᠰᠤᠵᠢᠯ ᠤᠨ | ᠠᠰᠠᠷᠠᠮᠵᠢ ᠶᠢᠨ ᠣᠨ ᠤ ᠮᠥᠩᠭᠦ ᠶᠢᠨ ᠦᠢᠯᠡᠳᠬᠦᠨ︾ ︽ᠡᠮᠴᠢᠯᠡᠭᠡᠨ ᠤ ᠬᠠᠷᠢᠭᠤᠴᠠᠯᠭ᠎ᠠ᠂ ᠡᠮᠴᠢᠯᠡᠭᠡᠨ ᠤ ᠠᠳᠡᠯ ᠪᠠ ᠸᠠᠺᠼᠢᠨ ᠤ ᠲᠠᠷᠢᠯᠭ᠎ᠠ ᠬᠢᠬᠦ ᠵᠡᠷᠭᠡ | ᠬᠤᠯᠪᠣᠭᠳᠠᠯ ᠪᠥᠬᠦᠶ ᠳᠠᠭᠠᠳᠬᠠᠯ ᠢ ᠢᠳᠡᠪᠬᠢᠲᠡᠶ ᠬᠥᠭᠵᠢᠭᠦᠯᠬᠦ︾ ᠵᠡᠷᠭᠡ ᠠᠷᠭ᠎ᠠ ᠬᠡᠮᠵᠢᠶ᠎ᠡ ᠶᠢ ᠳᠤᠷᠠᠳᠪᠠ᠃ ᠡᠭᠦᠨ ᠤ ᠬᠠᠮᠲᠤ᠂ ︽ᠰᠠᠨᠠᠯ︾ ᠳᠤ ᠬᠥᠳᠡᠭᠡ | ᠲᠣᠰᠬᠤᠨ ᠪᠠ ᠬᠢᠯᠢ ᠬᠢᠵᠠᠭᠠᠷ ᠣᠷᠣᠨ ᠤ ᠣᠯᠠᠨ ᠲᠦᠮᠡᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠬᠥᠮᠦᠰ ᠵᠡᠷᠭᠡ ᠶᠢᠨ ᠪᠣᠳᠠᠲᠤ ᠪᠠᠶᠢᠳᠠᠯ ᠪᠠ ᠳᠠᠭᠠᠳᠬᠠᠯ ᠤᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠰᠠᠨᠠᠭᠠᠨ ᠳᠤ ᠥᠬᠡᠶ ᠰᠢᠷᠬᠠᠲᠤᠯ ᠤᠨ ᠳᠠᠭᠠᠳᠬᠠᠯ᠂ | ᠡᠷᠡᠭᠦᠯ ᠮᠡᠨᠳᠦ ᠶᠢᠨ ᠳᠠᠭᠠᠳᠬᠠᠯ᠂ ᠲᠣᠭᠲᠠᠮᠠᠯ ᠬᠤᠭᠤᠴᠠᠭᠠᠲᠤ ᠠᠮᠢ ᠨᠠᠰᠤᠨ ᠤ ᠳᠠᠭᠠᠳᠬᠠᠯ᠂ ᠬᠡᠷ ᠪᠦᠯᠢ ᠶᠢᠨ ᠡᠳ᠋ ᠬᠥᠷᠥᠩᠭᠡ ᠶᠢᠨ ᠳᠠᠭᠠᠳᠬᠠᠯ ᠵᠡᠷᠭᠡ | ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠰᠠᠨᠠᠭᠠᠴᠢᠯᠠᠪᠠ᠃ | ︽ᠳᠠᠭᠠᠳᠬᠠᠯ ᠨᠢ ︿ᠠᠵᠤ ᠠᠬᠤᠶ ᠶᠢᠨ ᠳᠣᠷᠭᠢᠯᠲᠠ ᠶᠢ ᠪᠠᠭᠠᠰᠬᠠᠬᠤ﹀ ᠪᠠ ︿ᠨᠡᠶᠢᠭᠡᠮ ᠤᠨ ᠪᠠᠶᠢᠳᠠᠯ ᠢ ᠲᠣᠭᠲᠠᠪᠤᠷᠢᠵᠢᠭᠤᠯᠬᠤ﹀ ᠴᠢᠳᠠᠮᠵᠢ ᠲᠠᠢ ᠪᠠᠶᠢᠵᠤ᠂ | ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠬᠤᠯᠠ ᠬᠦᠴᠦᠨ ᠪᠣᠯᠤᠨ᠎ᠠ᠃ ᠤᠲᠤᠬᠠᠨ ᠳᠤ ᠳᠤᠮᠲᠠᠲᠦ ᠤᠯᠤᠰ ᠤᠨ ᠲᠠᠭᠠᠳᠬᠠᠯ ᠤᠨ ᠦᠢᠯᠡᠰ | ᠳᠦᠷᠬᠡᠨ ᠲᠠᠪᠰᠢᠭᠰᠠᠨ ᠪᠤᠯᠪᠠᠴᠦ ᠲᠠᠭᠠᠳᠬᠠᠯ ᠤᠨ ᠭᠦᠨᠴᠡ ᠪᠠ ᠨᠢᠭᠲᠠᠴᠠ ᠶᠢᠨ ᠬᠡᠮᠵᠢᠶ᠎ᠡ ᠶᠢ ᠲᠡᠬᠡᠭᠰᠢᠯᠡᠭᠦᠯᠭᠦ ᠴᠢᠬᠤᠯᠠᠲᠠᠢ ᠪᠠᠶᠢᠨ᠎ᠠ᠃ ᠡᠨᠡ ᠬᠦ ᠠᠬᠤᠶ | ᠪᠠᠶᠢᠳᠠᠯ ᠳᠤ᠂ ︽ᠰᠠᠨᠠᠯ︾ ᠳᠠᠬᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠶᠢᠨ ᠵᠠᠷᠴᠢᠮ ᠪᠠ ᠬᠠᠷᠠᠯᠲᠠ ᠶᠢ ᠳᠠᠷᠦ᠋ᠢᠬᠠᠨ ᠲᠣᠳᠣᠷᠬᠠᠶᠢᠯᠠᠬᠤ ᠪᠠ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠬᠦ ᠠᠯᠢ ᠣᠯᠠᠨ ᠪᠣᠳᠠᠲᠠᠶ ᠠᠷᠭ᠎ᠠ ᠬᠡᠮᠵᠢᠶ᠎ᠡ ᠠᠪᠬᠤ ᠨᠢ ᠲᠦᠢᠯ ᠤᠨ ᠴᠢᠬᠤᠯᠠᠲᠠᠶ ᠶᠤᠮ᠃︾ | ᠮᠥᠩᠭᠦᠨ ᠭᠦᠢᠯᠭᠡᠭᠡᠨ ᠤ ᠲᠡᠷᠢᠭᠦᠨ ᠰᠤᠳᠤᠯᠤᠭᠴᠢ ᠳ᠋ᠦᠩ ᠰᠢ ᠮᠢᠶᠣᠣ ᠲᠤᠰ ᠰᠣᠨᠢᠨ ᠤ ᠰᠤᠷᠪᠤᠯᠵᠢᠯᠠᠭᠴᠢ ᠳᠤ ᠬᠡᠯᠡᠬᠦ ᠳᠤ ᠪᠠᠨ᠂ ᠪᠣᠳᠠᠲᠠᠢ ᠠᠷᠭ᠎ᠠ ᠬᠡᠮᠵᠢᠶ᠎ᠡ ᠠᠴᠠ | ᠦᠵᠡᠪᠡᠯ᠂ ︽ᠰᠠᠨᠠᠯ︾ ᠨᠢ ᠳᠠᠭᠠᠳᠬᠠᠯ ᠤᠨ ᠦᠢᠯᠡᠳᠬᠦᠨ ᠤ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ | ᠰᠠᠶᠢᠨ ᠦᠢᠯᠡᠴᠢᠯᠡᠬᠦ ᠳᠤ ᠠᠰᠢᠭᠲᠠᠢ ᠭᠡᠵᠡᠢ᠃ | ᠳᠠᠭᠠᠳᠬᠠᠯ ᠤᠨ ᠦᠢᠯᠡᠴᠢᠯᠡᠭᠡᠨ ᠤ ᠶᠠᠰᠤ ᠴᠢᠨᠠᠷ ᠢ ᠯᠠᠪᠳᠠᠭᠤᠨ ᠪᠠᠲᠤᠲᠠᠶ ᠳᠡᠭᠡᠭᠰᠢᠯᠡᠭᠦᠯᠦᠨ᠎ᠡ | ᠢᠷᠡᠭᠡᠳᠦᠶ ᠶᠢᠨ ᠲᠠᠪᠤᠨ ᠵᠢᠯ ᠳᠤ᠂ ᠴᠢᠨᠠᠷ ᠰᠠᠶᠢᠲᠠᠶ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠶᠢᠨ ᠰᠢᠰᠲ᠋ᠧᠮ ᠢ ᠦᠨᠳᠦᠰᠦᠨ ᠳᠤ ᠪᠠᠨ | ᠪᠠᠶᠢᠭᠤᠯᠤᠨ᠎ᠠ᠃ ᠡᠨᠡ ᠪᠣᠯ ︽ᠰᠠᠨᠠᠯ︾ ᠤᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ ᠳᠤᠷᠠᠳᠤᠭᠰᠠᠨ ᠲᠣᠳᠣᠷᠬᠠᠶ ᠬᠠᠷᠠᠯᠲᠠ ᠮᠥᠨ᠃ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠡᠯᠡᠬᠦ ᠳᠤ ᠪᠠᠨ᠂ | ᠳᠠᠭᠠᠳᠬᠠᠯ ᠤᠨ ᠺᠣᠮᠫᠠᠨᠢ ᠠᠷᠠᠳ ᠤᠨ ᠠᠮᠢᠳᠤᠷᠠᠯ ᠢ ᠪᠠᠲᠤᠯᠠᠬᠤ᠂ ᠨᠡᠶᠢᠭᠡᠮ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ | ᠂ ᠲᠣᠰ ᠪᠡᠶ᠎ᠡ ᠶᠢᠨ ᠡᠵᠡᠩᠨᠡᠯᠲᠡ ᠶᠢᠨ ᠣᠨᠴᠠᠯᠢᠭ ᠪᠠ ᠳᠠᠪᠠᠭᠤᠯᠢᠭ ᠲᠤ ᠪᠠᠨ ᠰᠠᠭᠤᠷᠢᠯᠠᠨ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ ᠢᠳᠡᠪᠬᠢᠲᠡᠶ | ᠣᠷᠣᠯᠴᠠᠬᠤ ᠪᠠ ᠠᠬᠢᠭᠤᠯᠬᠤ ᠬᠡᠷᠡᠭᠲᠡᠶ ᠭᠡᠵᠡᠶ᠃ | ᠡᠮᠦᠨᠡᠬᠡᠨ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠪᠦᠯᠦᠭᠯᠡᠯ ᠶᠡᠷᠦᠩᠬᠡᠢ ᠬᠡᠪᠴᠢᠶ᠎ᠡ ᠨᠢ 100 ᠳ᠋ᠦᠩᠰᠢᠭᠤᠷ ᠲᠥᠭᠦᠷᠢᠭ ᠤᠨ᠂ | ᠠᠩᠬᠠᠨ ᠤ ᠬᠤᠭᠤᠴᠠᠭ᠎ᠠ ᠳᠤ 50 ᠳ᠋ᠦᠩᠰᠢᠭᠤᠷ ᠲᠥᠭᠦᠷᠢᠭ ᠤᠨ ᠬᠡᠪᠴᠢᠶ᠎ᠡ ᠲᠠᠢ ᠪᠤᠭᠤᠷᠤᠯᠴᠤᠳ ᠤᠨ ᠠᠵᠤ ᠠᠬᠤᠶ ᠶᠢᠨ ᠠᠵᠤ ᠦᠢᠯᠡᠰ ᠤᠨ ᠪᠠᠯᠠ | ᠣᠷᠣᠭᠤᠯᠤᠯᠲᠠ ᠶᠢᠨ ᠰᠠᠭᠤᠷᠢ ᠮᠥᠩᠭᠦ ᠶᠢ ᠡᠬᠢᠯᠡᠨ ᠪᠠᠶᠢᠭᠤᠯᠵᠠᠢ᠂ ᠡᠨᠡ ᠨᠢ ᠨᠠᠰᠤᠲᠠᠶᠢᠴᠤᠳ ᠲᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ | ᠶᠤᠮ᠃ 2023 ᠣᠨ ᠤ ᠡᠴᠦᠰ ᠪᠣᠯᠲᠠᠯ᠎ᠠ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠨᠡᠯᠢᠶᠡᠳ ᠴᠢᠩᠭ᠎ᠠ ᠨᠠᠰᠤᠵᠢᠯ ᠤᠨ ᠠᠰᠠᠷᠠᠮᠵᠢ ᠶᠢᠨ ᠰᠢᠨᠵᠢ | ᠴᠢᠨᠠᠷ ᠲᠠᠢ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠬᠤᠷᠠᠮᠳᠤᠭᠤᠯᠭ᠎ᠠ ᠶᠢᠨ ᠪᠡᠯᠡᠳᠬᠡᠯ ᠮᠥᠩᠭᠦ 1.8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ | 2023 ᠣᠨ ᠳᠤ ᠨᠠᠰᠤᠲᠠᠶᠢᠴᠤᠳ ᠵᠡᠷᠭᠡ ᠬᠥᠮᠦᠰ ᠤᠨ ᠳᠠᠭᠠᠳᠬᠠᠯ ᠢ ᠳᠠᠭᠠᠭᠠᠭᠰᠠᠨ ᠲᠤᠭ᠎ᠠ 1.6 ᠳ᠋ᠦᠩᠰᠢᠭᠤᠷ ᠬᠥᠮᠦᠨ ᠤᠳᠠᠭ᠎ᠠ ᠳᠤ ᠬᠦᠷᠪᠡ᠃ ︽ᠪᠢᠳᠡ | ᠦᠷᠭᠦᠯᠵᠢᠯᠡᠨ ᠨᠡᠩ ᠥᠨᠳᠥᠷ ᠦᠷ᠎ᠡ ᠪᠦᠲᠦᠮᠵᠢ ᠲᠠᠢ᠂ ᠨᠡᠩ ᠳᠣᠣᠷ᠎ᠠ ᠥᠪᠡᠷ ᠤᠨ ᠦᠷᠳᠡᠭ ᠲᠠᠢ᠂ ᠨᠡᠩ ᠪᠦᠲᠦᠮᠵᠢᠲᠡᠢ ᠲᠦᠭᠰᠢᠭᠦᠷᠢ ᠶᠢ ᠰᠡᠷᠭᠡᠶᠢᠯᠡᠬᠦ ᠪᠠᠷ ᠠᠵᠤ | ᠠᠬᠤᠢ ᠨᠡᠶᠢᠭᠡᠮ ᠤᠨ ᠬᠥᠭᠵᠢᠯᠲᠡ ᠳᠤ ᠮᠥᠩᠭᠦᠨ ᠭᠦᠢᠯᠭᠡᠭᠡᠨ ᠤ ᠠᠮᠢᠳᠤ ᠬᠦᠴᠦᠨ ᠨᠡᠮᠡᠷᠢᠯᠡᠵᠦ᠂ ᠨᠡᠩ ᠤᠯᠠᠨ ᠪᠥᠭᠡᠳ ᠠᠮᠤᠷ ᠲᠦᠪᠰᠢᠨ ᠴᠢᠨᠠᠷᠲᠠᠢ᠂ ᠠᠰᠢᠭ | ᠣᠯᠵᠠᠪᠤᠷᠢ ᠶᠢᠨ ᠴᠢᠨᠠᠷᠲᠠᠢ᠂ ᠭᠦᠢᠯᠭᠡᠭᠡᠨ ᠤ ᠴᠢᠨᠠᠷᠲᠠᠢ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠳᠠᠭᠠᠳᠬᠠᠯ ᠤᠨ ᠦᠢᠯᠡᠳᠬᠦᠨ ᠢ ᠡᠭᠡᠯ ᠠᠷᠠᠳ ᠤᠨ | ᠭᠡᠷ ᠲᠤ ᠣᠷᠣᠭᠤᠯᠤᠨ᠎ᠠ︾ ᠭᠡᠵᠦ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠪᠠᠢ ᠲᠣᠤ ᠬᠡᠯᠡᠪᠡ᠃ | ᠣᠶᠢᠷ᠎ᠠ ᠳᠤ᠂ ᠳᠤᠮᠳᠠᠳᠤ ᠤᠯᠤᠰ ᠤᠨ ᠲᠠᠢ ᠫᠢᠩ ᠶᠠᠩ ᠳᠠᠭᠠᠳᠬᠠᠯ ᠨᠢ ᠱᠠᠩᠬᠠᠢ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠵᠡᠷᠭᠡ | ᠨᠢᠭᠡᠴᠢ ᠨᠦᠭᠦᠳ ᠲᠠᠢ ᠬᠠᠮᠲᠤᠷᠠᠨ ᠠᠩᠬᠠᠳᠠᠭᠴᠢ ᠪᠦᠯᠦᠭ 642 ᠲᠣᠮᠣ ᠤᠯᠤᠰ ᠤᠨ ᠳᠠᠷᠬᠠᠨ᠂ ᠱᠠᠩᠬᠠᠢ ᠶᠢᠨ ᠤᠷᠠᠨ ᠳᠠᠷᠬᠠᠨ ᠤ ᠬᠢᠨ ᠳᠤ ︽ᠱᠠᠩᠬᠠᠢ ᠶᠢᠨ ᠭᠡᠷ | ᠪᠥᠯᠢ ᠶᠢᠨ ᠳᠠᠭᠠᠳᠬᠠᠯ︾ ᠤᠨ ᠬᠠᠭᠤᠳᠠᠰᠤ ᠶᠢ ᠪᠡᠯᠡᠭᠯᠡᠪᠡ᠃ ᠲᠠᠨᠢᠯᠴᠠᠭᠤᠯᠤᠭᠰᠠᠨ ᠢᠶᠠᠷ᠂ ︽ᠱᠠᠩᠬᠠᠶ ᠶᠢᠨ ᠭᠡᠷ ᠪᠥᠯᠢ ᠶᠢᠨ ᠳᠠᠭᠠᠳᠬᠠᠯ︾ ᠪᠣᠯ ᠱᠠᠩᠬᠠᠶ | ᠬᠤᠲᠠ ᠶᠢᠨ ᠠᠷᠠᠳ ᠲᠤ ᠲᠤᠰᠬᠠᠶᠢᠯᠠᠨ ᠲᠣᠭᠲᠠᠭᠠᠭᠰᠠᠨ ᠠᠩᠬᠠᠳᠠᠭᠴᠢ ᠬᠤᠲᠠ ᠶᠢᠨ ᠲᠦᠭᠡᠮᠡᠯ ᠬᠠᠷᠠᠭᠠᠯᠵᠠᠯᠲᠤ ᠬᠡᠯᠪᠡᠷᠢ ᠶᠢᠨ ᠬᠡᠷ ᠪᠦᠯᠢ ᠶᠢᠨ ᠶᠡᠷᠦᠩᠬᠡᠶᠢᠯᠡᠭᠰᠡᠨ | ᠳᠠᠭᠠᠳᠬᠠᠯ ᠮᠥᠨ᠂ ︽ᠳᠠᠭᠠᠳᠬᠠᠯ + ᠦᠢᠯᠡᠴᠢᠯᠡᠭᠡ︾ ᠶᠢᠨ ᠰᠢᠨ᠎ᠡ ᠶᠢ ᠡᠭᠦᠳᠦᠭᠰᠡᠨ ᠬᠠᠶᠢᠨ ᠰᠦᠪᠡᠭᠴᠢᠯᠡᠯᠲᠡ ᠮᠥᠨ᠂ ᠳᠠᠭᠠᠳᠬᠠᠯ ᠤᠨ ᠬᠠᠭᠤᠳᠠᠰᠤ | ᠨᠢᠭᠡᠪᠦᠷᠢ ᠶᠢᠨ ᠶᠡᠷᠦᠩᠬᠡᠶ ᠳᠠᠭᠠᠳᠬᠠᠯ ᠤᠨ ᠲᠤᠭ᠎ᠠ ᠨᠢ 230 ᠲᠦᠮᠡᠨ ᠲᠥᠭᠦᠷᠢᠭ ᠲᠤ ᠬᠦᠷᠴᠡᠶ᠃ ᠡᠭᠦᠨ ᠠᠴᠠ ᠭᠠᠳᠠᠨ᠎ᠠ᠂ ︽ᠱᠠᠩᠬᠠᠶ ᠶᠢᠨ ᠭᠡᠷ ᠪᠥᠯᠢ ᠶᠢᠨ | ᠳᠠᠭᠠᠳᠬᠠᠯ︾ ᠨᠢ ᠪᠠᠰᠠ ᠬᠤᠲᠠ ᠶᠢᠨ ᠠᠷᠠᠳ ᠲᠤ ᠬᠠᠤᠯᠢ ᠴᠠᠭᠠᠵᠠ ᠶᠢᠨ ᠯᠠᠪᠯᠠᠭ᠎ᠠ᠂ ᠬᠡᠷ ᠤᠨ ᠴᠠᠬᠢᠯᠭᠠᠨ ᠬᠡᠷᠡᠭᠰᠡᠯ ᠢ ᠤᠬᠢᠶᠠᠵᠤ ᠴᠡᠪᠡᠷᠯᠡᠬᠦ ᠵᠡᠷᠭᠡ ᠠᠮᠢᠳᠤᠷᠠᠯ ᠤᠨ | ᠦᠢᠯᠡᠴᠢᠯᠡᠭᠡ ᠬᠠᠩᠭᠠᠪᠠ᠃ | ︽ᠳᠠᠷᠠᠭᠠᠴᠢ ᠪᠠᠷ᠂ ᠳᠠᠭᠠᠳᠬᠠᠯ ᠤᠨ ᠦᠢᠯᠡᠰ ︿ᠰᠠᠨᠠᠯ﹀ ᠢ ᠨᠡᠶᠢᠲᠡᠯᠡᠬᠦ ᠪᠠᠷ ᠠᠵᠠ ᠲᠣᠬᠢᠶᠠᠯ ᠪᠣᠯᠭᠠᠵᠤ᠂ ᠨᠠᠩ ᠣᠯᠠᠨ ᠪᠠᠷᠢᠮᠵᠢᠶᠠᠵᠢᠭᠤᠯᠤᠭᠰᠠᠨ᠂ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ ᠦᠢᠯᠡᠴᠢᠯᠡᠭᠡ ᠶᠢ ᠰᠢᠨ᠎ᠡ ᠪᠠᠷ ᠡᠭᠦᠳᠦᠨ ᠭᠠᠷᠭᠠᠬᠤ ᠶᠢᠨ ᠬᠠᠮᠲᠤ ᠮᠥᠩᠭᠦᠨ ᠭᠦᠢᠯᠭᠡᠭᠡᠨ ᠤ ᠰᠢᠨᠵᠢᠯᠡᠬᠦ | ᠤᠬᠠᠭᠠᠨ ᠮᠡᠷᠭᠡᠵᠢᠯ ᠢ ᠭᠦᠢᠴᠡᠳ ᠬᠡᠷᠡᠭᠯᠡᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠲᠣᠭᠠᠴᠢᠯᠠᠯᠲᠠ᠂ ᠤᠶᠤᠨᠴᠢᠯᠠᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠡᠨᠡ ᠬᠦ ᠶᠠᠪᠤᠴᠠ ᠳᠤ᠂ ᠳᠠᠭᠠᠳᠬᠠᠯ ᠤᠨ ᠪᠠᠶᠢᠭᠤᠯᠤᠮᠵᠢ ᠪᠠᠰᠠ ᠳᠠᠭᠠᠳᠬᠠᠯ ᠬᠠᠷᠢᠭᠤᠴᠠᠬᠤ᠂ ᠬᠤᠬᠢᠷᠠᠯ ᠢ ᠬᠢᠨᠠᠬᠤ᠂ ᠲᠥᠯᠥᠬᠦ᠂ ᠪᠠᠶᠢᠴᠠᠭᠠᠨ | ᠯᠠᠪᠯᠠᠬᠤ ᠵᠡᠷᠭᠡ ᠦᠢᠯᠡᠴᠢᠯᠡᠭᠡᠨ ᠤ ᠳᠦᠭᠦᠮᠴᠢᠯᠡᠯᠲᠡ ᠶᠢᠨ ᠬᠡᠮᠵᠢᠶ᠎ᠡ ᠶᠢ ᠦᠷᠭᠦᠯᠵᠢᠯᠡᠨ ᠴᠢᠷᠮᠠᠶᠢᠨ ᠳᠡᠭᠡᠭᠰᠢᠯᠡᠭᠦᠯᠵᠦ᠂ ︿ᠳᠥᠯᠥᠪᠡᠰᠦ ᠵᠣᠬᠢᠬᠤ ᠶᠢ ᠨᠢ ᠪᠦᠬᠦᠨ ᠢ | ᠲᠥᠯᠥᠵᠦ᠂ ᠲᠦᠯᠦᠵᠦ ᠳᠡᠶᠢᠯᠬᠦ ᠶᠢ ᠨᠢ ᠲᠦᠷᠭᠡᠨ ᠲᠥᠯᠥᠬᠦ﹀ ᠶᠢ ᠪᠡᠶᠡᠯᠡᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ | ᠬᠠᠮᠠᠭᠠᠯᠠᠨ᠎ᠠ︾ ᠭᠡᠵᠦ ᠳ᠋ᠦᠩ ᠰᠢ ᠮᠢᠶᠣᠣ ᠬᠡᠯᠡᠪᠡ᠃ | | | |