2024 ᠣᠨ ᠤ ᠳ᠋ᠧᠩᠺᠸᠤ ᠰᠢᠶᠠᠨ ᠤ ᠵᠠᠯᠠᠭᠤ ᠺᠠᠳ᠋ᠷᠴᠤᠳ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/7/11
      ᠵᠠᠯᠠᠭᠤ ᠺᠠᠳ᠋ᠷ ᠤᠨ ᠣᠨᠣᠯ ᠤᠨ ᠲᠦᠪᠰᠢᠨ ᠤᠯᠤᠰ ᠲᠥᠷᠥ ᠶᠢᠨ ᠬᠡᠪ ᠪᠣᠯᠪᠠᠰᠤᠷᠠᠯ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 8 ᠤ ᠡᠳᠦᠷ᠂ 2024 ᠣᠨ ᠤ ᠳ᠋ᠧᠩᠺᠸᠤ ᠰᠢᠶᠠᠨ ᠤ ᠵᠠᠯᠠᠭᠤ ᠺᠠᠳ᠋ᠷᠴᠤᠳ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠡ᠃       ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠤᠨ ᠠᠩᠭᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠮᠠᠷᠺᠰ ᠤᠨ ᠦᠵᠡᠯ ᠤᠨ ᠭᠤᠤᠯ ᠦᠨᠳᠦᠰᠦᠯᠡᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠨᠠᠮ ᠤᠨ ᠲᠡᠦᠬᠡ ᠨᠠᠮᠴᠢ ᠴᠢᠨᠠᠷ ᠤᠨ ᠪᠣᠯᠪᠠᠰᠤᠷᠠᠯ᠂ ᠨᠠᠮ ᠤᠨ ᠰᠠᠬᠢᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠪᠠ ᠲᠤᠰᠬᠠᠶ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠶ ᠨᠢᠭᠡᠴᠢ ᠳᠣᠭᠢᠷᠠᠭᠤᠯᠵᠤ᠂ ᠣᠨᠣᠯ ᠤᠨ ᠬᠠᠪᠰᠤᠷᠤᠨ ᠵᠢᠯᠣᠭᠤᠳᠣᠯᠭ᠎ᠠ᠂ ᠲᠤᠬᠠᠶ ᠶᠢᠨ ᠲᠠᠯᠠᠪᠤᠷ ᠤᠨ ᠵᠢᠭᠠᠨ ᠰᠤᠷᠭᠠᠯᠲᠠ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠪᠠ ᠬᠤᠪᠢ ᠬᠥᠮᠦᠨ ᠤ ᠥᠪᠡᠰᠦᠪᠡᠨ ᠰᠤᠷᠤᠯᠴᠠᠬᠤ ᠵᠡᠷᠭᠡ ᠣᠯᠠᠨ ᠵᠦᠢᠯ ᠤᠨ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠰᠤᠷᠤᠭᠴᠢᠳ ᠤᠨ ᠶᠡᠷᠦᠩᠬᠡᠶᠢᠯᠡᠭᠰᠡᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠦᠨ᠂ ᠪᠣᠯᠪᠠᠰᠤᠷᠠᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠪᠣᠯᠤᠨ᠎ᠠ᠃       ᠲᠣᠰ ᠤᠳᠠᠭᠠᠨ ᠤ ᠪᠣᠯᠪᠠᠰᠤᠷᠠᠯ ᠨᠢ ᠣᠷᠣᠯᠴᠠᠭᠰᠠᠳ ᠤᠨ ᠬᠡᠪᠴᠢᠶ᠎ᠡ ᠥᠷᠭᠡᠨ᠂ ᠬᠢᠴᠢᠶᠡᠯ ᠤᠨ ᠠᠭᠤᠯᠭ᠎ᠠ ᠪᠠᠶᠠᠯᠢᠭ᠂ ᠰᠤᠷᠤᠯᠴᠠᠯᠭ᠎ᠠ ᠶᠢᠨ ᠬᠡᠯᠪᠡᠷᠢ ᠣᠯᠠᠨ ᠶᠠᠩᠵᠤ ᠲᠠᠢ ᠪᠠᠶᠢᠵᠤ᠂ ᠰᠤᠷᠤᠯᠭᠠᠳᠠᠳ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠲᠣᠰ ᠪᠡᠶ᠎ᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠢᠨ᠎ᠡ ᠶᠢ ᠡᠭᠦᠳᠴᠦ᠂ ᠥᠷᠭᠡᠨ ᠠᠭᠤᠳᠠᠮ ᠬᠠᠷᠠᠭᠠᠰᠤ ᠪᠣᠯᠤᠨ ᠶᠡᠭᠡ ᠲᠠᠯ᠎ᠠ ᠳᠤ ᠦᠢᠯᠡᠴᠢᠯᠡᠬᠦ ᠰᠡᠳᠬᠢᠴᠡ ᠪᠠᠷ ᠂ ᠨᠡᠩ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃  
ᠢᠷᠡᠯᠲᠡ᠄ ᠳ᠋ᠧᠩᠺᠧᠦ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ