ᠳ᠋ᠧᠩᠺᠸᠤ ᠰᠢᠶᠠᠨ ᠤ ᠨᠠᠮ ᠤᠨ ᠬᠤᠷᠢᠶ᠎ᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠬᠤᠷᠠᠯ ᠵᠢᠴᠢ 2024 ᠣᠨ ᠤ ᠠᠷᠪᠠᠨ ᠵᠢᠷᠭᠤᠳᠤᠭᠠᠷ ᠤᠳᠠᠭ᠎ᠠ ᠶᠢᠨ ᠪᠠᠶᠢᠩᠭᠤ ᠶᠢᠨ ᠭᠡᠰᠢᠭᠦᠳ ᠤᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/11
      7 ᠰᠠᠷ᠎ᠠ ᠶᠢᠨ 4 ᠤ ᠡᠳᠦᠷ᠂ ᠳ᠋ᠧᠩᠺᠸᠤ ᠰᠢᠶᠠᠨ ᠤ ᠨᠠᠮ ᠤᠨ ᠬᠤᠷᠢᠶ᠎ᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠮᠠᠨ ᠤ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠬᠤᠷᠠᠯ ᠵᠢᠴᠢ 2024 ᠣᠨ ᠤ ᠠᠷᠪᠠᠨ ᠵᠢᠷᠭᠤᠳᠤᠭᠠᠷ ᠤᠳᠠᠭ᠎ᠠ ᠶᠢᠨ ᠪᠠᠶᠢᠩᠭᠤ ᠶᠢᠨ ᠭᠡᠰᠢᠭᠦᠳ ᠤᠨ ︵ᠥᠷᠭᠡᠳᠬᠡᠭᠰᠡᠨ︶ ᠬᠤᠷᠠᠯ ᠬᠤᠷᠠᠯᠳᠤᠪᠠ᠃       ᠬᠤᠷᠠᠯ ᠠᠴᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠦᠨ ᠱᠤᠤ ᠴᠧᠩ ᠱᠦᠵᠢ ᠶᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠬᠤ ᠥᠪᠥᠷ ᠮᠣᠩᠭᠤᠯ ᠤᠨ ᠶᠠᠷᠢᠶᠠᠨ ᠤ ᠲᠠᠪᠴᠠᠩ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠲᠤᠬᠢᠷᠠᠭᠤᠯᠤᠯᠳᠠ ᠪᠠᠶᠢᠷᠢᠯᠠᠭᠤᠯᠤᠯᠲᠠ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠪᠠ᠃       ᠬᠤᠷᠠᠯ ᠠᠴᠠ ᠥᠪᠥᠷ ᠮᠣᠩᠭᠤᠯ ᠤᠨ ᠬᠠᠲᠤᠨᠲᠤᠬᠤᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠰᠢᠯᠢᠳᠡᠭᠵᠢᠭᠦᠯᠦᠨ ᠳᠣᠭᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠪᠣᠯᠤᠨ ᠬᠤᠶᠠᠳᠤᠭᠠᠷ ᠡᠭᠡᠯᠵᠢ ᠶᠢᠨ ᠲᠥᠪ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠠᠬᠢᠴᠠ ᠶᠢᠨ ᠪᠠᠶᠢᠳᠠᠯ ᠵᠢᠴᠢ ᠤᠯᠤᠰ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠰᠡᠷᠡᠮᠵᠢ ᠶᠢᠨ ᠹᠢᠯᠢᠮ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠵᠡᠷᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ ᠱᠠᠭᠠᠷᠳᠠᠭᠰᠠᠨ ᠨᠢ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠳᠤ ᠬᠤᠯᠪᠣᠭᠳᠠᠬᠤ ᠮᠢᠩᠭᠠᠨ ᠣᠨ ᠤ ᠶᠡᠭᠡ ᠪᠤᠳᠤᠯᠭ᠎ᠠ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠣᠶᠢᠯᠠᠭᠠᠭᠳᠠᠬᠤᠨ ᠤ ᠴᠢᠬᠤᠯᠠ ᠠᠴᠢ ᠬᠤᠯᠪᠣᠭᠳᠠᠯ ᠪᠠ ᠮᠥᠨ ᠴᠢᠨᠠᠷ ᠤᠨ ᠠᠭᠤᠯᠤᠭᠳᠠᠬᠤᠨ ᠢ ᠭᠦᠢᠴᠡᠳ ᠲᠠᠨᠢᠬᠤ ᠬᠡᠷᠡᠭᠲᠡᠶ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠰᠢᠯᠢᠳᠡᠭᠵᠢᠭᠦᠯᠦᠨ ᠳᠣᠭᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠵᠢᠷᠤᠭ ᠤᠨ ᠲᠣᠯᠪᠤ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠶ ᠲᠠᠨᠢᠬᠤ ᠬᠡᠷᠡᠭᠲᠡᠶ᠃ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠪᠠᠶᠢᠩᠭᠤᠵᠢᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠭᠤᠯᠤᠮᠵᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠨ ᠤᠢ ᠰᠢᠭᠤᠢ ᠡᠪᠡᠰᠦ ᠪᠡᠯᠴᠢᠭᠡᠷ ᠢ ᠰᠦᠢᠳᠬᠡᠬᠦ᠂ ᠭᠠᠵᠠᠷ ᠳᠣᠣᠷᠠᠬᠢ ᠤᠰᠤᠨ ᠤ ᠬᠠᠮᠢᠶᠠᠷᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠵᠡᠷᠭᠡ ᠠᠵᠢᠯᠯᠠᠭ᠎ᠠ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠴᠢᠩᠭᠠᠳᠬᠠᠵᠤ᠂ ᠮᠠᠨ ᠤ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠬᠡ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠤᠷᠳᠤ ᠬᠤᠭᠤᠴᠠᠭ᠎ᠠ ᠪᠠᠷ ᠪᠠᠲᠤ ᠴᠣᠭᠴᠠᠯᠠᠬᠤ ᠬᠡᠷᠡᠭᠲᠡᠢ᠃  
ᠢᠷᠡᠯᠲᠡ᠄ ᠳ᠋ᠧᠩᠺᠧᠦ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ