ᠣᠷᠠᠳ ᠤᠨ ᠡᠮᠦᠨᠡᠲᠦ ᠬᠤᠰᠢᠭᠤ ᠬᠤᠯᠤᠰᠤᠨ ᠤ ᠠᠵᠤ ᠦᠢᠯᠡᠰ ᠢ ᠬᠦᠭᠵᠢᠬᠦᠯᠦᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠨ᠎ᠠ
ᠨᠡᠶᠢᠲᠡᠯᠡᠭᠰᠡᠨ ᠴᠠᠭ᠄
2024/7/11
      ᠣᠶᠢᠷ᠎ᠠ ᠶᠢᠨ ᠵᠢᠯ ᠳᠤ᠂ ᠤᠷᠠᠳ ᠤᠨ ᠡᠮᠦᠨᠡᠲᠦ ᠬᠤᠰᠢᠭᠤ ︽ᠠᠮᠢ ᠠᠬᠤᠢ ᠶᠢ ᠲᠡᠷᠢᠭᠦᠨ ᠳᠤ ᠲᠠᠯᠪᠢᠵᠤ ᠪᠣᠬᠢᠷᠲᠤᠯ ᠥᠬᠡᠢ ᠬᠥᠭᠵᠢᠭᠦᠯᠬᠦ︾ ᠣᠨᠣᠯᠵᠢᠬᠤᠨ ᠢ ᠭᠦᠨᠵᠡᠭᠡᠢ ᠦᠢᠯᠡᠳᠦᠯᠭᠡᠵᠢᠬᠦᠯᠦᠨ᠂ ᠣᠷᠣᠨ ᠵᠠᠢ ᠶᠢᠨ ᠲᠥᠯᠥᠪᠵᠢᠭᠦᠯᠭᠡ ᠶᠢᠨ ︽ᠬᠠᠲᠠᠭᠤ ᠬᠢᠵᠠᠭᠠᠷᠯᠠᠯ ᠢ ᠴᠢᠩᠭᠠᠳᠬᠠᠬᠤ᠂ ᠠᠮᠢ ᠠᠬᠤᠢ ᠶᠢ ᠰᠡᠷᠭᠦᠭᠡᠬᠦ ᠶᠢ ᠨᠠᠢᠳᠠᠪᠤᠷᠢᠵᠢᠭᠤᠯᠵᠤ᠂ ᠬᠤᠯᠣᠰᠣᠨ ᠤ ︽ᠡᠬᠢ ᠪᠠᠶᠠᠯᠢᠭ ᠤᠨ ᠬᠡᠯᠬᠢᠶ᠎ᠡ︾ ᠶᠢ ᠣᠯᠠᠨ ᠲᠠᠯ᠎ᠠ ᠪᠠᠷ ᠨᠡᠭᠡᠭᠡᠨ ᠬᠥᠭᠵᠢᠭᠦᠯᠪᠡ᠃ ᠵᠤᠨ ᠤ ᠤᠯᠠᠷᠢᠯ ᠤᠨ ᠤᠯᠠᠭᠠᠨᠰᠤᠬᠠᠢ ᠳᠤ ᠡᠪᠡᠰᠣ ᠬᠤᠯᠤᠰᠤ ᠨᠠᠯᠢᠭᠤᠷᠠᠨ᠂ ᠰᠢᠪᠠᠭᠤᠳ ᠬᠤᠷᠠᠨ ᠴᠤᠭᠯᠠᠷᠠᠵᠤ᠂ ᠠᠮᠢᠵᠢᠷᠠᠯ ᠤᠨ ᠬᠦᠴᠦᠨ ᠪᠢᠯᠬᠠᠨ᠎ᠠ ᠃ ᠣᠶᠢᠯᠠᠭᠠᠭᠰᠠᠨ ᠢᠶᠠᠷ᠂ ᠤᠯᠠᠭᠠᠰᠤᠬᠠᠢ ᠨᠠᠭᠤᠷ ᠲᠤ ᠵᠢᠯ ᠪᠦᠷᠢ 10 ᠲᠦᠮᠡ ᠭᠠᠷᠣᠢ ᠲᠤᠨ ᠬᠤᠯᠤᠰᠤ ᠦᠢᠯᠡᠳᠪᠦᠷᠢᠯᠡᠳᠡᠭ᠃ ᠬᠤᠯᠤᠰᠤ ᠨᠢ ᠠᠮᠢ ᠠᠬᠤᠢ ᠶᠢᠨ ᠰᠢᠰᠲ᠋ᠧᠮ ᠳᠤ ᠨᠤᠭᠤ ᠭᠠᠵᠠᠷ ᠢ ᠬᠠᠮᠠᠭᠠᠯᠠᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠵᠡᠷᠭᠡ ᠣᠯᠠᠨ ᠵᠦᠢᠯ ᠤᠨ ᠴᠢᠳᠠᠪᠬᠢ ᠲᠠᠢ ᠪᠠᠶᠢᠳᠠᠭ᠂ ᠭᠡᠪᠡᠴᠦ ᠬᠤᠯᠣᠰᠣ ᠶᠢ ᠬᠡᠷᠪᠡ ᠴᠠᠭ ᠲᠤᠬᠠᠢ ᠳᠤᠨᠢ ᠬᠠᠳᠤᠵᠤ ᠠᠪᠬᠤ ᠦᠭᠡᠢ ᠪᠣᠯ᠂  ᠢᠯᠵᠢᠷᠡᠭᠰᠡᠨ ᠤ ᠳᠠᠷᠠᠭ᠎ᠠ ᠬᠤᠷᠠᠮᠳᠤᠯ ᠨᠢ ᠨᠠᠭᠤᠷ ᠲᠤ ᠪᠣᠬᠢᠷᠳᠣᠵᠣ ᠤᠰᠤᠨ ᠴᠣᠭᠴᠠ ᠶᠢ ᠨᠦᠯᠦᠭᠡᠯᠡᠳᠡᠭ᠃ ᠣᠯᠠᠭᠠᠨᠰᠣᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠣᠷ ᠬᠠᠮᠠᠭᠠᠯᠠᠬᠤ ᠶᠢᠨ ᠲᠥᠯᠥᠭᠡ᠂ ᠤᠷᠠᠳ ᠤᠨ ᠡᠮᠦᠨᠡᠲᠦ ᠬᠤᠰᠢᠭᠤ ᠬᠤᠯᠤᠰᠤᠨ ᠤ ᠠᠵᠤ ᠦᠢᠯᠡᠰ ᠢ ᠬᠦᠭᠵᠢᠬᠦᠯᠦᠨ ᠴᠢᠨᠠᠷ ᠰᠠᠶᠢᠲᠠᠢ ᠬᠦᠭᠵᠢᠯᠲᠠ ᠶᠢᠨ ᠵᠠᠮ ᠢᠶᠠᠷ ᠵᠠᠮᠨᠠᠵᠣ ᠡᠬᠢᠯᠡᠪᠡ᠃       ᠰᠣᠷᠪᠣᠯᠵᠢᠯᠠᠭᠴᠢ ᠶᠢ ᠣᠶᠢᠷ᠎ᠠ ᠳᠤ᠂ ᠥᠪᠥᠷ ᠮᠣᠩᠭᠤᠯ ᠤᠨ ᠲᠢᠶᠠᠨ ᠵᠢᠶᠣᠣ ᠤᠯᠠᠭᠠᠨᠰᠤᠬᠠᠢ ᠨᠠᠭᠤᠷ ᠤᠨ ᠬᠤᠯᠤᠰᠤ ᠨᠡᠬᠡᠬᠦ ᠬᠢᠵᠠᠭᠠᠷᠲᠤ ᠺᠣᠮᠫᠠᠨᠢ ᠳᠤ ᠬᠦᠷᠬᠦ ᠳᠤ᠂ ᠺᠣᠮᠫᠠᠨᠢ ᠳᠤ ᠳᠡᠯᠭᠡᠭᠳᠡᠵᠦ ᠪᠠᠶᠢᠭ᠎ᠠ ᠬᠤᠯᠤᠰᠤᠨ ᠤ ᠵᠠᠰᠠᠯ ᠴᠢᠮᠡᠭᠯᠡᠯ ᠪᠦᠷᠢ ᠨᠢ ᠥᠪᠡᠷᠮᠢᠴᠡ ᠣᠨᠴᠠᠯᠢᠭ ᠲᠠᠢ ᠪᠠᠶᠢᠵᠤ᠂ ᠬᠤᠯᠤᠰᠤ ᠪᠠᠷ ᠨᠡᠬᠡᠭᠰᠡᠨ ᠭᠠᠷ ᠤᠷᠠᠯᠠᠯ ᠶᠡᠭᠡᠳᠠ ᠭᠤᠶᠣ ᠬᠠᠷᠠᠭᠳᠠᠨ᠎ᠠ᠃ ᠠᠵᠢᠯᠲᠠᠨ ᠤ ᠲᠠᠶᠢᠯᠪᠣᠷᠢᠯᠠᠭᠰᠠᠨ ᠢᠶᠠᠷ᠂ ᠣᠷᠴᠢᠮ ᠤᠨ ᠮᠠᠰᠢᠨ ᠢᠶᠠᠷ ᠦᠢᠯᠡᠳᠪᠦᠷᠢᠯᠡᠭᠰᠡᠨ ᠨᠢᠭᠡ ᠪᠦᠯᠦᠭ ᠬᠤᠯᠤᠰᠤᠨ ᠤ ᠮᠠᠲ᠋ᠧᠷᠢᠶᠠᠯ ᠨᠢ ᠶᠠᠭ ᠪᠥᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠭᠳᠠᠵᠤ ᠪᠠᠶᠢᠨ᠎ᠠ ᠬᠡᠪᠡ᠃ ︽ᠡᠨᠡ ᠬᠡᠳᠦᠨ ᠡᠳᠦᠷ  ᠪᠢᠳᠡ ᠶᠠᠭ ᠨᠢᠭᠡ ᠪᠦᠯᠦᠭ ᠵᠠᠬᠢᠶᠠᠯᠠᠭ᠎ᠠ ᠶᠢᠨ ᠬᠠᠭᠤᠳᠠᠰᠤ ᠶᠢ ᠵᠠᠪᠳᠤᠵᠤ ᠪᠠᠶᠢᠨ᠎ᠠ᠂ ᠭᠤᠣᠯᠳᠠᠭᠤ ︿ᠭᠤᠷᠪᠠᠨ ᠤᠮᠠᠷᠠᠲᠤ﹀ ᠶᠢ ᠵᠠᠰᠠᠬᠤ ᠬᠠᠯᠬᠠᠪᠴᠢ ᠣᠢ ᠶᠢᠨ ᠢᠨᠵᠧᠨᠧᠷᠢᠩ ᠳᠤ ᠬᠡᠷᠡᠭᠯᠡᠬᠦ ᠪᠠᠷ ᠪᠠᠶᠢᠨ᠎ᠠ᠂ ᠬᠤᠯᠤᠰᠤ ᠪᠣᠯ ᠠᠮᠠᠷᠬᠠᠨ ᠵᠠᠳᠠᠷᠠᠵᠤ ᠪᠣᠯᠬᠤ ᠨᠢᠭᠡ ᠵᠦᠢᠯ ᠤᠨ ᠮᠠᠲ᠋ᠧᠷᠢᠶᠠᠯ ᠮᠥᠨ᠂ ᠡᠨᠡ ᠨᠢ ᠰᠠᠯᠬᠢ ᠡᠯᠡᠰᠦ ᠶᠢ ᠡᠰᠡᠷᠭᠦᠴᠡᠬᠦ᠂ ᠨᠠᠷᠠᠨ ᠳᠤ ᠰᠢᠷᠠᠭᠳᠠᠬᠤ ᠶᠢ ᠡᠰᠡᠷᠭᠦᠴᠡᠬᠦ᠂ ᠴᠠᠰᠤ ᠰᠢᠭᠤᠷᠭ᠎ᠠ ᠶᠢ ᠰᠡᠷᠭᠡᠶᠢᠯᠡᠬᠦ ᠦᠢᠯᠡᠳᠦᠯ ᠲᠠᠢ ᠪᠠᠶᠢᠳᠠᠭ ᠠᠴᠠ ᠵᠠᠬ᠎ᠠ ᠳᠡᠯᠭᠡᠭᠦᠷ ᠤᠨ ᠢᠷᠡᠭᠡᠳᠦᠢ ᠮᠠᠰᠢ ᠰᠠᠶᠢᠨ ᠪᠠᠶᠢᠨ᠎ᠠ︾ ᠬᠡᠮᠡᠨ ᠲᠣᠰ ᠺᠣᠮᠫᠠᠨᠢ ᠶᠢᠨ ᠶᠡᠷᠦᠩᠬᠡᠢ ᠳᠠᠭᠠᠭᠠᠮᠠᠯ ᠬᠤᠸᠠᠩ ᠵᠠᠨ ᠵᠢᠶᠦ᠋ᠨ ᠬᠡᠯᠡᠪᠡ᠃       ᠺᠣᠮᠫᠠᠨᠢ ᠶᠢᠨ ᠪᠠᠰᠠ ᠨᠢᠭᠡᠨ ᠵᠢᠵᠢᠭ ᠦᠷᠦᠭᠡ ᠳᠤ ᠬᠡᠳᠦᠨ ᠠᠵᠢᠯᠲᠠᠨ ᠶᠠᠭ ᠬᠤᠯᠤᠰᠤ᠂ ᠵᠡᠭᠡᠰᠦᠨ ᠡᠪᠡᠰᠦ ᠪᠠᠷ ᠭᠠᠷ ᠤᠷᠠᠯᠠᠯ ᠤᠨ ᠪᠦᠲᠦᠭᠡᠭᠳᠡᠬᠦᠨ ᠬᠢᠵᠣ ᠪᠠᠶᠢᠪᠠ᠃ ᠡᠨᠡ ᠬᠡᠳᠦᠬᠦᠯᠡ ᠣᠣᠯ ᠨᠢ ᠤᠯᠠᠭᠠᠨᠰᠤᠬᠠᠢ ᠳᠤ ᠵᠢᠭᠠᠰᠤ ᠠᠩᠨᠠᠵᠤ ᠠᠮᠢᠳᠣᠷᠠᠯ ᠬᠢᠳᠡᠭ ᠪᠠᠶᠢᠭᠰᠠᠨ ᠢᠶᠠᠨ ᠣᠳᠣ ᠭᠠᠷ ᠣᠷᠠᠯᠢᠭᠴᠢᠨ ᠪᠣᠯᠵᠠᠢ᠃ ᠵᠠᠩ ᠬᠠᠢ ᠶᠢᠩ ᠣᠳᠣᠬᠠᠨ ᠳᠤ ᠺᠣᠮᠫᠠᠨᠢ ᠳᠤ ᠬᠤᠯᠤᠰᠤ ᠨᠡᠬᠡᠬᠦ ᠠᠵᠢᠯ ᠬᠢᠵᠦ᠂ ᠨᠢᠭᠡ ᠡᠳᠦᠷ ᠲᠤ 20 ᠬᠤᠯᠤᠰᠤᠨ ᠤ ᠣᠷᠬᠢᠭᠤᠯ ᠢ ᠨᠡᠬᠡᠵᠦ ᠂ ᠨᠢᠭᠡ ᠵᠢᠯ ᠳᠤ 2 ᠲᠦᠮᠡ ᠭᠠᠷᠤᠢ ᠢᠯᠡᠬᠦᠦ ᠲᠥᠭᠦᠷᠢᠭ ᠤᠨ ᠣᠷᠣᠯᠭ᠎ᠠ ᠲᠠᠢ ᠪᠣᠯᠣᠭᠰᠠᠨ ᠪᠠᠶᠢᠨ᠎ᠠ᠃ ︽ᠪᠢᠳᠡ ᠣᠯᠠᠭᠠᠨᠰᠣᠬᠠᠢ ᠨᠠᠭᠤᠷ ᠤᠨ ᠬᠤᠯᠤᠰᠤ ᠶᠢ ᠠᠰᠢᠭᠯᠠᠬᠤ ᠨᠢ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠪᠠᠷᠠᠬᠤ ᠦᠭᠡᠢ ᠪᠠᠰᠠ ᠬᠤᠷᠢᠶᠠᠯᠲᠠ ᠣᠯᠵᠤ ᠴᠢᠳᠠᠨ᠎ᠠ᠃ ᠥᠩᠭᠡᠷᠡᠭᠰᠡᠨ ᠳᠤ ᠮᠡᠳᠡᠬᠦ ᠦᠭᠡᠢ ᠪᠠᠶᠢᠵᠠᠢ᠂ ᠡᠬᠦᠨ ᠢ ᠠᠰᠢᠭᠯᠠᠨ ᠮᠠᠰᠢ ᠣᠯᠠᠨ ᠭᠠᠷ ᠤᠷᠠᠯᠠᠯ ᠤᠨ ᠪᠦᠲᠦᠭᠡᠭᠳᠡᠬᠦᠨ ᠬᠢᠵᠣ ᠪᠣᠯᠬᠤ ᠪᠠᠷ ᠪᠠᠷᠠᠬᠤ ᠦᠬᠡᠢ ᠪᠠᠰᠠ ᠪᠠᠰᠠ ᠳᠡᠯᠳᠡᠦ ᠲᠠᠷᠢᠵᠤ ᠪᠣᠯᠣᠨ᠎ᠠ ᠬᠡᠮᠡᠨ︾ ᠲᠡᠷᠡ ᠰᠣᠷᠪᠣᠯᠵᠢᠯᠠᠭᠴᠢ ᠳᠤ ᠪᠠᠶᠠᠷᠲᠠᠶᠢᠬᠠᠨ ᠶᠠᠷᠢᠨ᠎ᠠ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ