ᠤᠷᠠᠳ ᠤᠨ ᠬᠤᠶᠢᠲᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ 2023 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠡᠶᠡᠯᠡᠭᠦᠯᠦᠭᠰᠡᠨ ᠪᠠᠶᠢᠳᠠᠯ ᠤᠨ ᠲᠤᠰᠬᠠᠢ ᠬᠢᠨᠠᠨ ᠪᠣᠳᠣᠯᠲᠠ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/7/11
      6 ᠰᠠᠷ᠎ᠠ ᠶᠢᠨ 21 ᠤ ᠡᠳᠦᠷ᠂ ᠤᠷᠠᠳ ᠤᠨ ᠬᠤᠶᠢᠲᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠰᠤᠳᠤᠯᠭᠠᠨ ᠤ ᠬᠡᠯᠪᠡᠷᠢ ᠶᠢᠨ ᠬᠢᠨᠠᠨ ᠪᠣᠳᠣᠯᠲᠠ ᠳᠤ ᠰᠠᠭᠤᠷᠢᠯᠠᠨ᠂ ᠲᠥᠷᠥ ᠶᠢᠨ ᠪᠣᠳᠣᠯᠭ᠎ᠠ ᠪᠠᠷ ᠤᠳᠤᠷᠢᠳᠤᠮᠵᠢ ᠪᠣᠯᠭᠠᠵᠤ᠂ ᠡᠯ᠎ᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠴᠤᠭᠯᠠᠭᠤᠯᠤᠨ ᠵᠠᠳᠠᠯᠵᠤ᠂ ᠪᠥᠬᠦ ᠬᠤᠰᠢᠭᠤᠨ ᠤ 2023 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠡᠶᠡᠯᠡᠭᠦᠯᠦᠭᠰᠡᠨ ᠪᠠᠶᠢᠳᠠᠯ ᠤᠨ ᠲᠤᠰᠬᠠᠢ ᠬᠢᠨᠠᠨ ᠪᠣᠳᠣᠯᠲᠠ ᠶᠢᠨ ᠪᠠᠶᠢᠴᠠᠭᠠᠯᠲᠠ ᠥᠷᠨᠢᠭᠦᠯᠪᠡ᠃      ᠨᠢᠬᠡ ᠳᠤ᠂ ᠬᠢᠨᠠᠨ ᠪᠤᠳᠤᠬᠤ ᠳᠤᠭᠤᠶᠢᠯᠠᠩ ᠬᠢᠨᠠᠨ ᠪᠠᠶᠢᠴᠠᠭᠠᠬᠤ ᠠᠴᠠ ᠡᠮᠦᠨ᠎ᠡ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠪᠠ᠃ ᠬᠢᠨᠠᠨ ᠪᠤᠳᠤᠬᠤ ᠠᠵᠢᠯᠲᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ᠂ ᠦᠢᠯᠡᠳᠪᠦᠷᠢᠯᠡᠯ ᠤᠨ ᠲᠠᠰᠤᠭ ᠢᠶᠠᠷ ᠬᠦᠷᠴᠦ᠂ ᠠᠵᠤ ᠠᠬᠤᠶᠢᠯᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠤ ᠳᠠᠷᠠᠭᠠᠬᠢ ᠪᠦᠲᠦᠭᠡᠨ ᠪᠠᠶᠢᠭᠤᠯᠤᠯᠲᠠ ᠶᠢᠨ ᠠᠬᠢᠴᠠ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ ᠪᠠ ᠲᠥᠯᠦᠪᠵᠢᠭᠦᠯᠭᠡ ᠶᠢ ᠣᠶᠢᠯᠠᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠡᠪᠴᠢᠶ᠎ᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠵᠡᠷᠭᠡ ᠪᠠᠶᠢᠳᠠᠯ ᠢ ᠬᠢᠨᠠᠨ ᠬᠠᠷᠭᠤᠭᠤᠯᠪᠠ᠃      ᠬᠤᠶᠠᠷ ᠲᠤ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠠᠩᠬᠠᠷᠪᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠠᠪᠤᠴᠠ ᠳᠤ ᠣᠷᠣᠰᠢᠵᠤ ᠪᠠᠶᠢᠭ᠎ᠠ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠬᠦᠷᠦᠯᠴᠡᠬᠦ ᠦᠭᠡᠢ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠮᠥᠷᠳᠡᠯᠲᠡ ᠶᠢ ᠴᠢᠩᠭᠠᠳᠬᠠᠨ᠂ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠪᠣᠳᠣᠯᠬᠢᠯᠠᠬᠤ᠂ ᠲᠥᠷᠥ ᠶᠢᠨ ᠪᠣᠳᠣᠯᠭ᠎ᠠ ᠲᠣᠭᠲᠠᠭᠠᠬᠤ᠂ ᠥᠭᠡᠷᠡᠴᠢᠯᠡᠯᠲᠡ ᠶᠢ ᠠᠬᠢᠭᠤᠯᠬᠤ ᠳᠤ ᠯᠠᠪᠯᠠᠯᠲᠠ ᠬᠠᠩᠭᠠᠪᠠ᠃      ᠭᠤᠷᠪᠠ ᠳᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠦᠷ᠎ᠡ ᠠᠰᠢᠭ ᠤᠨ ᠨᠡᠮᠡᠭᠳᠠᠯ ᠢ ᠴᠢᠬᠤᠯᠠᠴᠢᠯᠠᠪᠠ᠃ ᠲᠣᠰ ᠤᠳᠠᠭᠠᠨ ᠤ ᠬᠢᠨᠠᠨ ᠪᠣᠳᠣᠯᠲᠠ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠯ᠎ᠡ ᠵᠠᠩᠭᠢᠯᠠᠭ᠎ᠠ ᠶᠢᠨ ᠪᠠᠭᠤᠷᠠᠢ ᠲᠠᠯ᠎ᠠ ᠪᠠ ᠲᠦᠭᠰᠢᠭᠦᠷᠢ ᠶᠢᠨ ᠴᠡᠭ ᠢ ᠪᠥᠬᠦ ᠲᠠᠯ᠎ᠠ ᠪᠠᠷ ᠵᠠᠳᠠᠯᠵᠤ᠂  ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠤ ᠠᠬᠤᠶᠢᠯᠠᠯ ᠤᠨ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠤᠯᠠᠮ ᠨᠢᠭᠡ ᠠᠯᠬᠤᠮ ᠦᠨᠡᠯᠡᠨ ᠵᠢᠱᠢᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠳᠤ ᠬᠢᠨᠠᠨ ᠪᠤᠳᠤᠬᠤ ᠬᠦᠴᠦᠨ ᠨᠡᠮᠠᠷᠢᠯᠠᠪᠠ᠃
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ