ᠤᠷᠠᠳ ᠤᠨ ᠬᠤᠶᠢᠳᠤ ᠬᠤᠰᠢᠭᠤ 2024 ᠣᠨ ᠤ ᠳᠥᠷᠪᠡᠳᠦᠭᠡᠷ ᠤᠳᠠᠭ᠎ᠠ ᠶᠢᠨ ᠠᠶᠤᠯᠭᠦᠢ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/11
      ᠤᠷᠴᠢᠮᠬᠠᠨ᠂ ᠮᠠᠨ ᠤ ᠬᠤᠰᠢᠭᠤ 2024 ᠣᠨ ᠤ ᠳᠥᠷᠪᠡᠳᠦᠭᠡᠷ ᠤᠳᠠᠭ᠎ᠠ ᠶᠢᠨ ᠠᠶᠤᠯᠭᠦᠢ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠲᠤᠬᠠᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠪᠦᠭᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠵᠤ᠂ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠤᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠬᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠲᠠᠷᠢᠬᠢ ᠲᠣᠯᠣᠭᠠᠢ ᠪᠠᠨ ᠴᠠᠭ ᠢᠮᠠᠭᠲᠠ ᠰᠡᠷᠭᠡᠭ ᠪᠠᠶᠢᠯᠭᠠᠵᠤ᠂ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠶᠢ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠮᠤᠭ ᠤᠨ ᠴᠢᠬᠤᠯᠠ ᠭᠠᠷᠳᠠᠴᠠ ᠪᠣᠯᠭᠠᠵᠤ᠂ ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ᠂ ᠬᠤᠳᠠ ᠶᠢᠨ ᠠᠮᠤᠷ ᠲᠦᠪᠰᠢᠨ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠳᠬᠤᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠠᠳᠡᠯ ᠭᠠᠷᠬᠤ ᠠᠴᠠ ᠡᠮᠦᠨ᠎ᠡ ᠦᠨᠡᠨᠬᠦ ᠠᠷᠢᠯᠭᠠᠬᠤ ᠬᠡᠷᠡᠭᠲᠡᠢ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ᠂ ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ ᠪᠠᠶᠢᠬᠤ︾ ᠪᠠ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠳᠤᠳᠤᠮ ᠤᠨ ᠬᠢᠨᠠᠯᠲᠠ ᠬᠠᠮᠢᠶᠠᠷᠤᠯᠲᠠ ᠪᠠ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠨ ᠭᠠᠩ ᠲᠠᠢ ᠳᠡᠮᠡᠴᠡᠬᠦ ᠠᠵᠢᠯ ᠢ ᠬᠤᠶᠠᠷ ᠲᠠᠯ᠎ᠠ ᠪᠠᠷ ᠠᠳᠬᠤᠵᠤ᠂ ᠭᠠᠩ ᠤᠰᠤᠲᠤᠯ ᠤᠨ ᠪᠠᠴᠢᠮ ᠡᠷᠭᠢᠯᠲᠡ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠤᠰᠤᠨ ᠴᠥᠭᠦᠷᠥᠮ᠂ ᠭᠤᠤ ᠰᠤᠪᠠᠭ ᠤᠨ ᠬᠠᠰᠢᠯᠭ᠎ᠠ ᠳᠠᠯᠠᠩ ᠵᠡᠷᠭᠡ ᠦᠶᠡᠷ ᠢ ᠰᠡᠷᠭᠡᠶᠢᠯᠡᠬᠦ ᠴᠢᠬᠤᠯᠠ ᠪᠠᠷᠢᠯᠭ᠎ᠠ ᠵᠢᠴᠢ ᠡᠯ᠎ᠡ ᠲᠦᠷᠦᠯ ᠤᠨ ᠭᠠᠮᠰᠢᠭ ᠤᠨ ᠭᠡᠮ ᠰᠣᠭᠤᠭ ᠤᠨ ᠴᠡᠭ ᠲᠤ ᠪᠦᠬᠦ ᠲᠠᠯ᠎ᠠ ᠪᠠᠷ ᠭᠦᠨᠵᠡᠭᠡᠢ ᠪᠠᠶᠢᠴᠠᠭᠠᠯᠲᠠ ᠬᠢᠬᠦ ᠶᠢ ᠴᠢᠩᠭᠠᠳᠬᠠᠵᠤ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠪᠠᠶᠢᠭᠠᠯᠢ ᠶᠢᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠲᠦᠷᠦᠯ ᠤᠨ ᠡᠳ᠋ ᠪᠣᠳᠠᠰ ᠢ ᠴᠠᠭ ᠲᠤᠬᠠᠢ ᠳᠤᠨᠢ ᠨᠥᠭᠡᠴᠡᠯᠡᠨ ᠰᠢᠨᠡᠳᠬᠡᠵᠦ᠂ ᠵᠠᠩᠭᠢᠯᠠᠭ᠎ᠠ ᠶᠢᠨ ᠦᠶ᠎ᠡ ᠳᠤ ︽ᠲᠠᠲᠠᠵᠤ ᠳᠡᠶᠢᠯᠬᠦ᠂ ᠬᠡᠷᠡᠭᠯᠡᠵᠦ ᠳᠡᠶᠢᠯᠬᠦ︾ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠪᠠᠰᠠ ᠪᠦᠭᠦ ᠬᠤᠰᠢᠭᠤᠨ ᠤ ᠳᠡᠭᠡᠷ᠎ᠡ ᠬᠠᠭᠠᠰ ᠵᠢᠯ ᠤᠨ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠦᠭᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠵᠠᠷᠯᠠᠵᠠᠢ᠃ 
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ