ᠤᠷᠠᠳ ᠤᠨ ᠳᠤᠮᠳᠠᠳᠤ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠥᠷᠲᠡᠭᠡ ᠡᠮᠴᠢᠯᠡᠭᠡᠨ ᠤ ᠪᠠᠶᠢᠭᠤᠯᠤᠮᠵᠢ ᠳᠤ ᠲᠤᠰᠬᠠᠶ ᠲᠦᠷᠦᠯ ᠤᠨ ᠬᠢᠨᠠᠯᠲᠠ ᠪᠠᠶᠢᠴᠠᠭᠠᠯᠳᠠ ᠬᠢᠪᠠ
ᠨᠡᠶᠢᠲᠡᠯᠡᠭᠰᠡᠨ ᠴᠠᠭ᠄
2024/7/11
      ᠠᠷᠠᠳ ᠣᠯᠠᠨ ᠤ ᠡᠪᠡᠳᠴᠢᠨ ᠦᠵᠡᠭᠦᠯᠬᠦ ᠳᠤ ᠠᠮᠤᠷ ᠲᠦᠪᠰᠢᠨ᠂ ᠡᠮᠴᠢᠯᠡᠭᠡᠨ ᠤ ᠵᠠᠬ᠎ᠠ ᠳᠡᠯᠭᠡᠭᠦᠷ ᠢ ᠪᠠᠷᠢᠮᠵᠢᠶᠠᠵᠢᠭᠤᠯᠬᠤ ᠶᠢ ᠦᠨᠡᠨᠬᠦ ᠪᠠᠲᠤᠯᠠᠵᠤ᠂ ᠡᠮᠴᠢᠯᠡᠭᠡᠨ  ᠤ ᠠᠳᠡᠯ ᠭᠠᠷᠬᠤ ᠶᠢ ᠰᠡᠷᠭᠡᠶᠢᠯᠡᠬᠦ ᠶᠢᠨ ᠲᠥᠯᠥᠭᠡ᠂ ᠤᠷᠠᠳ ᠤᠨ ᠳᠤᠮᠳᠠᠳᠤ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠷᠡᠭᠦᠯ ᠬᠠᠮᠠᠭᠠᠯᠠᠯ ᠤᠨ ᠬᠠᠤᠯᠢ ᠬᠡᠷᠡᠭᠵᠢᠭᠦᠯᠤᠯᠳᠠ ᠶᠢᠨ ᠠᠵᠢᠯᠳᠠᠤᠨ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠷᠡᠭᠦᠯ ᠬᠠᠮᠠᠭᠠᠯᠠᠯ ᠤᠨ ᠬᠠᠤᠯᠢ ᠬᠡᠷᠡᠭᠵᠢᠭᠦᠯᠤᠯᠳᠠ ᠶᠢᠨ ᠠᠵᠢᠯᠳᠠᠤᠨ ᠲᠠᠢ ᠬᠠᠮᠲᠤᠷᠠᠨ ᠬᠠᠷᠢᠶ᠎ᠠ ᠣᠷᠣᠨ ᠤ ᠪᠠᠨ ᠳᠣᠲᠣᠷᠠᠬᠢ 4 ᠡᠮᠴᠢᠯᠡᠭᠡᠨ ᠤ ᠪᠠᠶᠢᠭᠤᠯᠤᠮᠵᠢ ᠳᠤ ᠡᠮ ᠡᠮᠨᠡᠯᠭᠡ ᠡᠷᠡᠭᠦᠯ ᠬᠠᠮᠠᠭᠠᠯᠠᠯ  ᠤᠨ ᠲᠤᠰᠬᠠᠶ ᠲᠦᠷᠦᠯ ᠤᠨ ᠬᠢᠨᠠᠯᠲᠠ ᠪᠠᠶᠢᠴᠠᠭᠠᠯᠲᠠ ᠬᠢᠪᠡ᠃       ᠲᠣᠰ ᠤᠳᠠᠭᠠᠨ ᠤ ᠪᠠᠶᠢᠴᠠᠭᠠᠯᠲᠠ ᠳᠤ ᠭᠤᠤᠯᠳᠠᠭᠤ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠤᠨ ᠪᠠᠶᠢᠷᠢ ᠳᠤ ᠪᠠᠶᠢᠭ᠎ᠠ ᠡᠮᠴᠢ᠂ ᠰᠤᠪᠢᠯᠠᠭᠴᠢ ᠶᠢᠨ ᠬᠢᠷᠢ ᠬᠡᠮ᠂ ᠠᠵᠢᠯ ᠡᠷᠭᠢᠯᠡᠭᠰᠡᠳ ᠤᠨ ᠪᠠᠷᠢᠮᠵᠢᠶᠠᠲᠤ ᠠᠵᠢᠯᠯᠠᠭ᠎ᠠ᠂ ᠠᠷᠢᠭᠤᠳᠬᠠᠨ ᠲᠤᠰᠠᠭᠠᠷᠯᠠᠬᠤ᠂ ᠣᠨᠣᠰᠢᠯᠠᠨ ᠡᠮᠨᠡᠬᠦ ᠬᠡᠪᠴᠢᠶ᠎ᠡ᠂ ᠬᠤᠤᠷᠲᠤ ᠡᠮ ᠮᠢᠨᠴᠦᠭᠦᠷᠡᠭᠦᠯᠬᠦ ᠡᠮ ᠤᠨ  ᠵᠦᠢᠯ᠂ ᠡᠮᠴᠢᠯᠡᠭᠡᠨ ᠤ ᠬᠠᠶᠠᠭᠳᠠᠮᠠᠯ ᠪᠣᠳᠠᠰ ᠢ  ᠰᠢᠢᠳᠪᠦᠷᠢᠯᠡᠬᠦ ᠵᠢᠴᠢ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠲᠦᠷᠭᠡᠨ ᠡᠮᠴᠢᠯᠡᠭᠡ᠂ ᠰᠠᠴᠤᠷᠠᠭ ᠵᠢᠴᠢ ᠭᠠᠳᠠᠷ ᠰᠠᠯᠠᠭᠠᠨ ᠤ ᠠᠵᠢᠯ ᠡᠷᠭᠢᠯᠡᠵᠦ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠪᠠ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ 4 ᠡᠮᠴᠢᠯᠡᠭᠡᠨ ᠤ ᠪᠠᠶᠢᠭᠤᠯᠤᠮᠵᠢ  ᠶᠢᠨ ᠡᠮᠴᠢ ᠰᠤᠪᠢᠯᠠᠭᠴᠢ ᠴᠥᠮ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠲᠠᠢ ᠪᠠᠶᠢᠵᠤ᠂ ᠴᠥᠮ ᠱᠠᠭᠠᠷᠳᠠᠯᠭ᠎ᠠ ᠶᠣᠰᠣᠭᠠᠷ ᠠᠷᠢᠭᠤᠳᠬᠠᠨ ᠲᠤᠰᠠᠭᠠᠷᠯᠠᠬᠤ ᠲᠦᠷᠢᠮ  ᠢ ᠴᠢᠩᠭ᠎ᠠ ᠬᠡᠷᠡᠭᠵᠢᠭᠦᠯᠵᠦ᠂ ᠠᠵᠢᠯ ᠡᠷᠭᠢᠯᠡᠭᠰᠡᠳ ᠤᠨ ᠪᠠᠷᠢᠮᠵᠢᠶ᠎ᠠ ᠪᠠᠷ ᠠᠵᠢᠯᠯᠠᠨ᠂ ᠱᠠᠭᠠᠷᠳᠠᠯᠭ᠎ᠠ ᠶᠣᠰᠣᠭᠠᠷ ᠡᠮᠴᠢᠯᠡᠭᠡᠨ ᠤ ᠬᠤᠭ ᠨᠣᠪᠰᠢ ᠶᠢ  ᠰᠢᠢᠳᠪᠦᠷᠢᠯᠡᠵᠦ ᠪᠠᠶᠢᠨ᠎ᠠ᠃ ᠣᠨᠴᠠ ᠵᠠᠷᠢᠮ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠡᠨ ᠤ ᠪᠠᠭᠠᠵᠢ ᠬᠡᠷᠡᠭᠰᠡᠯ ᠢ ᠠᠷᠢᠭᠤᠳᠬᠠᠭᠰᠠᠨ ᠨᠢ ᠵᠢᠷᠤᠮᠵᠢᠯ ᠥᠬᠡᠶ᠂ ᠠᠷᠢᠭᠤᠳᠬᠠᠭᠰᠠᠨ ᠲᠡᠮᠳᠡᠭᠯᠡᠯ ᠢ ᠲᠡᠮᠳᠡᠭᠯᠡᠭᠰᠡᠨ ᠨᠢ ᠵᠢᠷᠤᠮᠵᠢᠯ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠡᠷᠡᠭᠦᠯ ᠬᠠᠮᠠᠭᠠᠯᠠᠯ ᠤᠨ ᠬᠠᠤᠯᠢ ᠬᠡᠷᠡᠭᠵᠢᠭᠦᠯᠤᠯᠳᠠ ᠶᠢᠨ ᠠᠵᠢᠯᠲᠠᠤᠨ ᠲᠤᠬᠠᠶ ᠶᠢᠨ ᠲᠠᠯᠠᠪᠤᠷ ᠲᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠰᠠᠨᠠᠯ ᠤᠨ ᠪᠢᠴᠢᠭ ᠪᠠᠭᠤᠯᠭᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠵᠠᠰᠠᠭᠤᠯᠬᠤ ᠪᠠᠷ ᠱᠠᠭᠠᠷᠳᠠᠪᠠ᠃       ᠬᠤᠶᠢᠰᠢᠳᠠ᠂ ᠡᠮᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠬᠦᠴᠦᠯᠡᠴᠡ ᠪᠠᠨ ᠦᠷᠭᠦᠯᠵᠢᠯᠡᠨ ᠴᠢᠩᠭᠠᠤᠨᠬᠠᠵᠦ᠂ ᠡᠳᠦᠷ ᠲᠤᠲᠤᠮ ᠤᠨ ᠬᠢᠨᠠᠯᠲᠠ ᠲᠠᠯᠪᠢᠯᠳᠠ ᠪᠠᠨ ᠴᠢᠩᠭᠠᠳᠬᠠᠨ᠂ ᠵᠢᠯᠣᠭᠤᠳᠣᠯᠭ᠎ᠠ ᠶᠢ ᠪᠣᠳᠠᠲᠠᠶᠢᠵᠢᠭᠤᠯᠵᠤ᠂ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠤᠨ᠂ ᠥᠷᠭᠡᠨ ᠣᠯᠠᠨ ᠠᠷᠠᠳ ᠲᠦᠮᠡᠨ ᠤ ᠡᠪᠡᠳᠴᠢᠨ ᠦᠵᠡᠭᠦᠯᠬᠦ ᠠᠮᠤᠷ ᠲᠦᠪᠰᠢᠨ ᠢ ᠦᠨᠡᠨᠬᠦ ᠪᠠᠲᠤᠯᠠᠵᠤ᠂ ᠠᠷᠠᠳ ᠣᠯᠠᠨ ᠤ ᠡᠪᠡᠳᠴᠢᠨ ᠦᠵᠡᠭᠦᠯᠬᠦ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠠᠭᠠᠯᠠᠬᠤ ᠪᠠᠷ ᠴᠢᠷᠮᠠᠶᠢᠨ᠎ᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ