ᠤᠷᠠᠳ ᠤᠨ ᠳᠤᠮᠳᠠᠳᠤ ᠬᠤᠰᠢᠭᠤ ᠣᠯᠠᠨ ᠠᠷᠭ᠎ᠠ ᠬᠡᠮᠵᠢᠶ᠎ᠡ ᠠᠪᠴᠤ ᠭᠠᠩ ᠬᠠᠭᠰᠠᠷᠠᠭᠠᠨ ᠲᠠᠢ ᠲᠡᠮᠡᠴᠡᠵᠦ ᠪᠤᠢ
ᠨᠡᠶᠢᠲᠡᠯᠡᠭᠰᠡᠨ ᠴᠠᠭ᠄
2024/7/11
      ᠡᠨᠡ ᠵᠢᠯ ᠤᠨ ᠬᠠᠪᠤᠷ ᠠᠴᠠ ᠨᠠᠰᠢ᠂ ᠤᠷᠠᠳ ᠤᠨ ᠳᠤᠮᠳᠠᠳᠤ ᠬᠤᠰᠢᠭᠤᠨ ᠤ ᠬᠢᠯᠢ ᠳᠣᠲᠣᠷ᠎ᠠ ᠬᠤᠷ᠎ᠠ ᠲᠣᠨᠣᠳᠠᠰᠤ ᠪᠠᠭᠠᠰᠴᠤ᠂ ᠪᠥᠬᠦ ᠬᠤᠰᠢᠭᠤᠨ ᠤ 2171.83 ᠲᠦᠮᠡᠨ ᠮᠥ ᠨᠤᠲᠤᠭ ᠪᠡᠯᠴᠢᠭᠡᠷ ᠠᠳᠠᠯᠢ ᠪᠤᠰᠤ ᠬᠡᠮᠵᠢᠶ᠎ᠡ ᠪᠠᠷ ᠭᠠᠩᠳᠠᠨ᠂ ᠮᠠᠯᠴᠢᠳ ᠤᠨ  ᠦᠢᠯᠡᠳᠪᠦᠷᠢᠯᠡᠯ ᠠᠮᠢᠳᠤᠷᠠᠯ ᠳᠤ ᠬᠦᠨᠳᠦ ᠨᠣᠴᠢᠲᠠᠶ ᠨᠥᠯᠥᠭᠡ ᠦᠵᠡᠭᠦᠯᠵᠡᠶ᠃ ᠭᠠᠩ ᠤᠨ ᠪᠠᠶᠢᠳᠠᠯ ᠳᠤ ᠴᠢᠭᠯᠡᠭᠦᠯᠦᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠯ᠎ᠡ  ᠵᠦᠢᠯ ᠤᠨ ᠭᠠᠩ ᠬᠠᠭᠰᠠᠷᠠᠭᠠᠨ  ᠲᠠᠢ ᠲᠡᠮᠡᠴᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠦ ᠪᠠᠶᠢᠨ᠎ᠠ᠃       7 ᠰᠠᠷ᠎ᠠ ᠶᠢᠨ 2 ᠤᠨ ᠡᠳᠦᠷ᠂ ᠡᠪᠡᠰᠦ ᠪᠣᠷᠳᠤᠭ᠎ᠠ ᠳᠦᠭᠦᠷᠲᠡᠯ᠎ᠡ ᠲᠡᠭᠡᠭᠡᠭᠰᠡᠨ ᠲᠣᠮᠣ ᠠᠴᠢᠶᠠᠨ ᠤ ᠮᠠᠰᠢᠨ ᠪᠠᠶ᠋ᠬᠠᠤᠯᠠᠭᠠᠨ ᠰᠤᠮᠤᠨ ᠳᠤ ᠠᠯᠭᠤᠷᠬᠠᠨ ᠣᠷᠣᠵᠤ᠂ ᠲᠤᠬᠠᠶ ᠶᠢᠨ ᠲᠠᠯᠠᠪᠠᠶ ᠳᠤ ᠡᠪᠡᠰᠦ ᠪᠤᠷᠳᠤᠭ᠎ᠠ ᠲᠠᠷᠬᠠᠭᠠᠨ ᠥᠭᠬᠦ ᠠᠵᠢᠯ ᠡᠮᠬᠢ ᠵᠢᠷᠤᠮ ᠲᠠᠢ ᠶᠠᠪᠤᠭᠳᠠᠵᠤ᠂ ᠳᠡᠩᠰᠡᠯᠡᠯᠲᠡ ᠶᠢ ᠰᠠᠶᠢᠲᠤᠷ ᠬᠢᠭᠰᠡᠨ ᠤ ᠳᠠᠷᠠᠭ᠎ᠠ᠂ ᠰᠤᠮᠤ᠂ ᠭᠠᠴᠠᠭᠠᠨ ᠤ ︽ᠡᠬᠦᠷ ᠵᠥᠪᠯᠡᠯ︾ ᠤᠨ ᠺᠠᠳ᠋ᠷᠴᠤᠳ ᠮᠠᠯᠴᠢᠳ ᠢ ᠬᠠᠪᠰᠤᠷᠤᠨ ᠡᠪᠡᠰᠦ ᠪᠣᠷᠳᠤᠭ᠎ᠠ ᠶᠢ ᠮᠠᠯᠴᠢᠤᠨ ᠤᠨ ᠲᠡᠷᠭᠡᠨ ᠳᠡᠭᠡᠷ᠎ᠡ ᠵᠥᠭᠡᠭᠡᠵᠦ ᠭᠠᠷᠭᠠᠪᠠ᠃       ᠣᠶᠢᠯᠠᠭᠠᠭᠰᠠᠨ ᠢᠶᠠᠷ᠂ ᠤᠷᠠᠳ ᠤᠨ ᠳᠤᠮᠳᠠᠳᠤ ᠬᠤᠰᠢᠭᠤᠨ ᠤ 2171.83 ᠲᠦᠮᠡᠨ ᠮᠥ ᠪᠡᠯᠴᠢᠭᠡᠷ ᠠᠳᠠᠯᠢ ᠪᠤᠰᠤ ᠬᠡᠮᠵᠢᠶ᠎ᠡ ᠪᠠᠷ ᠭᠠᠩᠳᠠᠵᠤ᠂ ᠭᠠᠮᠰᠢᠭᠳᠠᠭᠰᠠᠨ ᠡᠷᠦᠬᠡ 4606 ᠬᠦᠷᠦᠭᠰᠡᠨ ᠪᠠᠶᠢᠨ᠎ᠠ᠃ ᠦᠷᠭᠦᠯᠵᠢᠯᠡᠨ ᠭᠠᠩᠳᠠᠭᠰᠠᠨ ᠪᠠ ᠦᠬᠡᠷ ᠬᠤᠨᠢᠨ ᠮᠢᠬ᠎ᠠ ᠶᠢᠨ ᠦᠨ᠎ᠡ ᠬᠠᠩᠰᠢ ᠮᠠᠭᠤᠳᠠᠵᠤ ᠪᠠᠶᠢᠭ᠎ᠠ ᠵᠠᠬ᠎ᠠ ᠳᠡᠯᠭᠡᠭᠦᠷ ᠤᠨ ᠪᠠᠶᠢᠳᠠᠯ ᠳᠤ ᠴᠢᠭᠯᠡᠬᠦᠯᠦᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠣᠯᠠᠨ  ᠵᠦᠢᠯ  ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠡᠪᠡᠰᠦ ᠪᠣᠷᠳᠤᠭ᠎ᠠ᠂ ᠮᠠᠯ ᠤᠨ ᠠᠷᠠᠯᠵᠢᠶᠠᠨ ᠤ ᠬᠠᠩᠭᠠᠯᠭ᠎ᠠ ᠬᠡᠷᠡᠭᠴᠡᠭᠡ ᠶᠢᠨ ᠲᠠᠪᠴᠠᠩ ᠢ ᠢᠳᠡᠪᠬᠢᠲᠡᠶ ᠪᠠᠶᠢᠭᠤᠯᠤᠨ᠂ ᠬᠦᠴᠢᠷᠳᠡᠯ ᠢ  ᠰᠢᠢᠳᠪᠦᠷᠢᠯᠡᠬᠦ ᠲᠥᠷᠥ ᠶᠢᠨ ᠪᠣᠳᠣᠯᠭ᠎ᠠ ᠨᠡᠶᠢᠲᠡᠯᠡᠵᠦ᠂ ᠣᠯᠠᠨ  ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠮᠠᠯᠴᠢᠳ ᠢ ᠬᠠᠪᠰᠤᠷᠤᠨ ᠪᠣᠳᠠᠲᠠᠶ ᠠᠰᠠᠭᠤᠳᠠᠯ ᠢ ᠨᠢ  ᠰᠢᠢᠳᠪᠦᠷᠢᠯᠡᠨ᠂ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠣᠶᠤᠨᠴᠢ ᠪᠠᠷ ᠰᠢᠢᠳᠪᠦᠷᠢᠯᠡᠵᠦ᠂ ᠭᠠᠩ ᠬᠠᠭᠰᠠᠷᠠᠭᠠᠨ ᠤ ᠬᠤᠬᠢᠷᠠᠯ ᠢ ᠪᠠᠭᠠᠰᠬᠠᠨ᠂ ᠨᠤᠲᠤᠭ ᠪᠡᠯᠴᠢᠭᠡᠷ ᠤᠨ ᠲᠠᠭᠠᠭᠠᠴᠠ ᠠᠴᠠ ᠬᠡᠳᠤᠷᠠᠬᠦᠯᠦᠨ ᠮᠠᠯᠵᠢᠬᠤ ᠠᠰᠠᠭᠤᠳᠠᠯ ᠢ ᠪᠠᠶᠢᠳᠠᠯ ᠳᠤᠨᠢ ᠵᠣᠬᠢᠴᠠᠭᠤᠯᠤᠨ  ᠰᠢᠢᠳᠪᠦᠷᠢᠯᠡᠪᠡ᠃       ᠭᠠᠩ ᠤᠨ ᠪᠠᠶᠢᠳᠠᠯ ᠢ ᠪᠦᠲᠦᠮᠵᠢᠲᠡᠶ ᠠᠷᠭᠠᠴᠠᠭᠠᠬᠤ ᠶᠢᠨ ᠲᠤᠰᠠᠳᠠ᠂ ᠤᠷᠠᠳ ᠤᠨ ᠳᠤᠮᠳᠠᠳᠤ ᠬᠤᠰᠢᠭᠤ ᠲᠤᠬᠠᠶ ᠶᠢᠨ ᠭᠠᠵᠠᠷ ᠲᠠᠭᠠᠨ ᠬᠠᠰᠢᠶᠠᠯᠠᠨ ᠲᠡᠵᠢᠬᠡᠵᠦ ᠡᠪᠡᠰᠦ ᠪᠣᠷᠳᠤᠭ᠎ᠠ ᠰᠢᠯᠵᠢᠭᠦᠯᠦᠨ ᠵᠦᠬᠡᠬᠡᠪᠤᠷᠢᠯᠡᠭᠰᠡᠨ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ ᠮᠠᠯ ᠠᠵᠤ ᠠᠬᠤᠶ ᠶᠢᠨ ᠦᠢᠯᠡᠳᠪᠦᠷᠢᠯᠡᠯ  ᠬᠢᠵᠦ ᠪᠠᠶᠢᠭ᠎ᠠ ᠮᠠᠯᠵᠢᠬᠤ ᠡᠷᠦᠬᠡ ᠳᠤ᠂ ᠰᠢᠯᠵᠢᠭᠦᠯᠦᠨ ᠲᠡᠭᠡᠭᠡᠪᠦᠷᠢᠯᠡᠬᠦ ᠪᠠᠶᠢᠳᠠᠯ ᠢ ᠦᠨᠳᠦᠰᠦᠯᠡᠨ᠂ ᠡᠷᠦᠬᠡ ᠪᠦᠷᠢ ᠳᠤ ᠲᠣᠨ ᠪᠦᠷᠢ 160 — 200 ᠲᠥᠭᠦᠷᠢᠭ ᠤᠨ ᠪᠠᠷᠢᠮᠵᠢᠶ᠎ᠠ ᠪᠠᠷ᠂ ᠬᠠᠮᠤᠭ ᠤᠨ ᠥᠨᠳᠥᠷ ᠲᠡᠭᠡᠨ 50 ᠲᠣᠨ ᠤ ᠲᠡᠭᠡᠭᠡᠪᠦᠷᠢ ᠶᠢᠨ ᠵᠠᠷᠤᠳᠠᠯ ᠨᠥᠬᠦᠪᠥᠷᠢᠯᠡᠵᠦ ᠪᠤᠢ᠃ ᠣᠳᠣᠬᠠᠨ ᠪᠣᠯᠲᠠᠯ᠎ᠠ᠂ ᠡᠪᠡᠰᠦ ᠪᠣᠷᠳᠤᠭ᠎ᠠ ᠶᠢ 11.5 ᠲᠦᠮᠡᠨ ᠲᠣᠨ ᠲᠤᠬᠢᠷᠠᠭᠤᠯᠤᠨ ᠵᠦᠬᠡᠬᠡᠪᠤᠷᠢᠯᠡᠵᠦ᠂ ᠮᠠᠯ ᠲᠡᠵᠢᠭᠡᠪᠦᠷᠢ ᠶᠢᠨ ᠡᠪᠡᠰᠦ ᠪᠣᠷᠳᠤᠭ᠎ᠠ ᠳᠤᠲᠠᠭᠳᠠᠬᠤ ᠶᠢ ᠪᠦᠲᠦᠮᠵᠢᠲᠡᠶ ᠰᠢᠢᠤᠨᠪᠦᠷᠢᠯᠡᠵᠦ ᠪᠠᠶᠢᠨ᠎ᠠ᠃       ᠡᠭᠦᠨ ᠤ ᠬᠠᠮᠲᠤ᠂ ᠲᠠᠷᠢᠶᠠᠯᠠᠬᠤ ᠣᠷᠣᠨ ᠤ ᠢᠯᠡᠭᠦᠴᠡ ᠲᠠᠷᠢᠮᠠᠯ ᠤᠨ ᠡᠰᠢ ᠰᠦᠷᠡᠯ ᠤᠨ ᠳᠠᠪᠠᠭᠤᠯᠢᠭ ᠪᠣᠯᠤᠨ ᠰᠤᠯᠠ ᠪᠠᠶᠢᠭ᠎ᠠ ᠲᠡᠵᠢᠭᠡᠨ ᠦᠷᠡᠵᠢᠭᠦᠯᠬᠦ ᠲᠠᠯᠠᠪᠠᠶ  ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠭᠠᠮᠰᠢᠭᠳᠠᠭᠰᠠᠨ ᠤᠷᠤᠨ ᠤ ᠮᠠᠯ ᠤᠨᠤᠭ᠎ᠠ ᠶᠢ ᠵᠣᠬᠢᠶᠠᠨ ᠪᠠᠶᠢᠭᠤᠯᠤᠨ ᠲᠠᠷᠢᠶᠠᠯᠠᠬᠤ ᠣᠷᠣᠨ ᠪᠤᠶᠤ ᠭᠠᠮᠰᠢᠭᠳᠠᠭᠰᠠᠨ ᠦᠭᠡᠶ ᠭᠠᠵᠠᠷ ᠣᠷᠣᠨ ᠲᠡᠰᠢ ᠰᠢᠯᠵᠢᠭᠦᠯᠵᠦ᠂ ᠨᠠᠶᠢᠳᠠᠨ ᠲᠡᠵᠢᠭᠡᠯᠭᠡᠬᠦ᠂ ᠤᠳᠤᠷ ᠶᠠᠪᠤᠬᠤ᠂ ᠲᠡᠵᠢᠭᠡᠯ ᠡᠪᠡᠰᠦ ᠪᠣᠷᠳᠤᠭ᠎ᠠ ᠶᠢ ᠲᠤᠰᠠᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠮᠰᠢᠭᠳᠠᠭᠰᠠᠨ ᠮᠠᠯᠴᠢᠳ ᠢ ᠬᠠᠪᠰᠤᠷᠤᠨ ᠬᠦᠴᠢᠷ ᠢ ᠲᠤᠭᠤᠯᠤᠭᠤᠯᠵᠦ ᠪᠤᠢ᠃ ᠮᠠᠯ ᠤᠨᠤᠭ᠎ᠠ ᠶᠢᠨ ᠪᠤᠷᠤᠯᠠᠭᠤᠯᠭ᠎ᠠ ᠳᠤ ᠨᠥᠬᠦᠪᠥᠷᠢ ᠥᠭᠬᠦ ᠬᠦᠴᠦᠯᠡᠴᠡ ᠪᠠᠨ ᠴᠢᠩᠭᠠᠤᠨᠬᠠᠨ᠂ ᠮᠠᠯᠴᠢᠳ ᠤᠨ ᠮᠠᠯ ᠤᠨᠤᠭ᠎ᠠ ᠶᠢᠨ ᠪᠤᠷᠤᠯᠠᠭᠤᠯᠭ᠎ᠠ ᠪᠠᠨ ᠲᠦᠷᠭᠡᠳᠬᠡᠬᠦ ᠶᠢ ᠵᠣᠷᠢᠭᠵᠢᠭᠤᠯᠵᠤ᠂ ᠣᠳᠣᠬᠠᠨ ᠪᠣᠯᠲᠠᠯ᠎ᠠ᠂ ᠪᠥᠬᠦ ᠬᠤᠰᠢᠭᠤ ᠨᠢ ᠨᠡᠶᠢᠲᠡ 20.1 ᠲᠦᠮᠡᠨ ᠲᠤᠯᠤᠭᠠᠢ ᠮᠠᠯ ᠤᠨᠤᠭ᠎ᠠ ᠪᠤᠷᠤᠯᠠᠭᠤᠯᠤᠭᠰᠠᠨ ᠪᠠᠶᠢᠨ᠎ᠠ᠃ 520 ᠲᠣᠨ ᠡᠪᠡᠰᠦ ᠪᠤᠷᠳᠤᠭ᠎ᠠ ᠲᠠᠷᠬᠠᠭᠠᠵᠤ ᠂ 11 ᠭᠠᠴᠠᠭᠠᠨ ᠤ 521 ᠮᠠᠯᠴᠢᠨ ᠡᠷᠦᠬᠡ ᠳᠤ ᠬᠤᠯᠪᠣᠭᠳᠠᠨ᠂ ᠭᠠᠮᠰᠢᠭᠳᠠᠭᠰᠠᠨ ᠮᠠᠯᠴᠢᠳ ᠢ ᠬᠠᠪᠰᠤᠷᠤᠨ ᠭᠠᠩ ᠤᠨ ᠪᠠᠶᠢᠳᠠᠯ ᠢ ᠠᠷᠭᠠᠴᠠᠭᠠᠵᠦ ᠪᠤᠢ᠃       ᠲᠠᠷᠠᠭᠠᠴᠢ ᠶᠢᠨ ᠠᠯᠬᠤᠮ ᠳᠤ᠂ ᠤᠷᠠᠳ ᠤᠨ ᠳᠤᠮᠳᠠᠳᠤ ᠬᠤᠰᠢᠭᠤ ︽ᠤᠮᠠᠷᠠᠲᠤ ᠶᠢᠨ ᠭᠤᠷᠪᠠᠨ ᠣᠷᠣᠨ︾ ᠤ ᠠᠮᠢ ᠠᠬᠤᠢ ᠶᠢᠨ ᠢᠨᠵᠧᠨᠧᠷᠢᠩ ᠤᠨ ᠲᠦᠷᠤᠯ ᠵᠦᠢᠯ ᠳᠤ ᠲᠦᠰᠢᠭᠯᠡᠵᠦ᠂ ᠨᠤᠲᠤᠭ ᠪᠡᠯᠴᠢᠭᠡᠷ ᠤᠨ ᠰᠡᠷᠭᠦᠭᠡᠯᠲᠡ ᠶᠢ ᠠᠬᠢᠭᠤᠯᠬᠤ ᠶᠢᠨ ᠬᠠᠮᠲᠤ᠂ ᠤᠬᠠᠭᠤᠯᠭ᠎ᠠ ᠶᠢᠨ ᠠᠵᠢᠯ ᠢᠶᠠᠨ ᠴᠢᠩᠭᠠᠳᠬᠠᠨ᠂ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠴᠢᠩᠭᠠᠳᠬᠠᠵᠤ᠂ ᠮᠠᠯᠴᠢᠨ ᠲᠦᠮᠡᠨ ᠢ ᠢᠳᠡᠪᠬᠢᠲᠡᠢ ᠬᠦᠳᠤᠯᠤᠨ ᠵᠢᠯᠣᠭᠤᠳᠴᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠵᠦ᠂ ᠭᠠᠩ ᠬᠠᠭᠰᠠᠷᠠᠭᠠᠨ ᠠᠴᠠ ᠪᠣᠯᠤᠭᠰᠠᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠨ᠎ᠠ᠃  
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ