ᠤᠷᠠᠳ ᠤᠨ ᠳᠤᠮᠳᠠᠳᠤ ᠬᠤᠰᠢᠭᠤ ᠬᠤᠰᠢᠭᠤᠨ ᠤ ᠨᠠᠮ ᠤᠨ ᠬᠤᠷᠢᠶ᠎ᠠ ᠪᠦᠬᠦ ᠬᠤᠰᠢᠭᠤᠨ ᠤ ᠤᠳᠤᠷᠢᠳᠬᠤ ᠺᠠᠳ᠋ᠷᠴᠤᠤᠨ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ ᠼᠦᠢ ᠵᠢᠩ ᠰᠢᠶᠠᠩ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2024/7/11
      6 ᠰᠠᠷ᠎ᠠ ᠶᠢᠨ 28 ᠤ ᠡᠳᠦᠷ᠂ ᠪᠥᠬᠦ ᠬᠤᠰᠢᠭᠤᠨ ᠤ ᠤᠳᠤᠷᠢᠳᠬᠤ ᠺᠠᠳ᠋ᠷᠴᠤᠤᠨ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠵᠢᠩ ᠰᠢᠶᠠᠩ ᠬᠤᠷᠠᠯ ᠢ ᠡᠷᠭᠢᠯᠡᠭᠰᠡᠨ ᠪᠥᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃       ᠼᠦᠢ ᠵᠢᠩ ᠰᠢᠶᠠᠩ ᠠᠴᠠ᠂ ᠡᠨᠡ ᠵᠢᠯ᠂ ᠨᠠᠮ ᠤᠨ ᠲᠥᠪ ᠬᠤᠷᠢᠶ᠎ᠠ ᠠᠴᠠ ᠪᠦᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠴᠢᠬᠤᠯᠠ ᠶᠡᠭᠡ ᠪᠠᠶᠢᠷᠢᠯᠠᠭᠤᠯᠤᠯᠲᠠ ᠬᠢᠵᠡᠢ᠂ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ︽ᠰᠢᠨ᠎ᠡ ᠪᠠᠷ ᠵᠠᠰᠠᠪᠤᠷᠢ ᠣᠷᠣᠭᠤᠯᠤᠭᠰᠠᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠢ ᠰᠤᠷᠤᠯᠴᠠᠨ ᠲᠤᠭᠤᠰᠢᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠪᠦᠬᠦ ᠨᠠᠮ ᠤᠨ ᠳᠣᠲᠣᠷ᠎ᠠ ᠨᠢᠭᠡ ᠤᠳᠠᠭ᠎ᠠ  ᠶᠢᠨ ᠲᠥᠪᠯᠡᠷᠡᠩᠭᠦᠢ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠥᠷᠨᠢᠭᠦᠯᠬᠦ︾ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠮᠠᠨ ᠤ ᠨᠠᠮ ᠤᠨ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠡᠷᠡᠰ ᠪᠠᠲᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠪᠡ ᠬᠡᠵᠦ ᠵᠢᠭᠠᠨ ᠭᠠᠷᠭᠠᠪᠠ᠃       ᠼᠦᠢ ᠵᠢᠩ ᠰᠢᠶᠠᠩ ᠠᠴᠠ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠦᠵᠡᠯ ᠰᠠᠨᠠᠭᠠᠨ ᠤ ᠵᠣᠭᠰᠣᠴᠠ ᠪᠠᠨ ᠳᠡᠭᠡᠭᠰᠢᠯᠡᠭᠦᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠨᠢ ᠨᠠᠮ ᠤᠨ ᠰᠢᠨ᠎ᠡ ᠶᠢ ᠡᠭᠦᠳᠬᠦ ᠣᠨᠣᠯ ᠢ ᠬᠥᠮᠦᠰ ᠤᠨ ᠲᠠᠷᠢᠬᠢᠨ ᠳᠤ ᠬᠠᠳᠠᠩᠰᠢᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠷᠠᠳ ᠤᠨ ᠳᠤᠮᠳᠠᠳᠤ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠭᠡᠳᠡᠭ ᠢ ᠭᠦᠨᠵᠡᠭᠡᠶ ᠲᠠᠨᠢᠬᠤ ᠬᠡᠷᠡᠭᠲᠡᠶ᠃ ᠰᠠᠬᠢᠯᠭ᠎ᠠ ᠪᠠᠲᠤ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠨᠠᠮᠴᠢ ᠴᠢᠨᠠᠷ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠦᠨ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠵᠠᠯᠠᠷᠠᠭᠤᠯᠵᠤ᠂ ᠬᠤᠰᠢᠭᠤᠨ ᠤ ᠬᠡᠪᠴᠢᠶᠠᠨ ᠤ ᠠᠵᠤ ᠠᠬᠤᠢ ᠶᠢᠨ ᠶᠡᠷᠦᠩᠬᠡᠢ ᠰᠡᠳᠬᠢᠴᠡ ᠪᠠ ︽ᠭᠤᠷᠪᠠᠨ ᠶᠡᠭᠡ ᠪᠣᠭᠤᠮᠲᠠ ᠰᠢᠪᠲᠤᠯᠤᠯᠳᠠ ᠶᠢᠨ ᠳᠠᠶᠢᠯᠠᠯᠳᠤᠭᠠᠨ︾᠂ ︽ᠳᠥᠷᠪᠡ ᠶᠢ ᠲᠡᠮᠡᠴᠡᠨ ᠤᠯᠬᠤ︾᠂ ︽ᠲᠠᠪᠤᠨ ᠶᠡᠭᠡ ᠡᠭᠦᠳᠦᠨ ᠪᠠᠶᠢᠭᠤᠯᠤᠯᠲᠠ︾ ᠶᠢᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠳᠡᠢ᠃       ᠭᠦᠨᠵᠡᠭᠡᠢ ᠰᠤᠷᠤᠯᠴᠠᠨ ᠰᠤᠳᠤᠯᠵᠤ᠂ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ︽ᠵᠢᠷᠭᠤᠭᠠᠨ ᠲᠦᠷᠦᠯ ᠤᠨ ᠰᠠᠬᠢᠯᠭ᠎ᠠ ᠪᠠᠲᠤ︾ ᠶᠢ ᠢᠮᠠᠭᠲᠠ ᠠᠭᠤᠰᠤᠯᠴᠠᠭᠤᠯᠤᠨ ᠣᠶᠢᠯᠠᠭᠠᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢᠨ᠎ᠡ ᠬᠠᠭᠤᠴᠢᠨ ︽ᠲᠦᠷᠢᠮ︾ ᠢ ᠬᠠᠷᠭᠤᠭᠤᠯᠵᠤ᠂ ᠵᠤᠷᠪᠤᠰ ᠳᠠᠷᠠᠭᠠᠯᠠᠨ ᠨᠡᠮᠡᠭᠰᠡᠨ᠂ ᠬᠠᠰᠤᠭᠰᠠᠨ᠂ ᠦᠬᠡᠷᠡᠴᠢᠯᠡᠭᠰᠡᠨ ᠠᠭᠤᠯᠭ᠎ᠠ ᠶᠢᠨ ᠠᠷᠤ ᠳᠠᠬᠢ ᠬᠤᠪᠢᠷᠠᠯᠲᠠ᠂ ᠠᠭᠤᠯᠤᠭᠳᠠᠵᠤ ᠪᠠᠶᠢᠭ᠎ᠠ ᠭᠦᠨ ᠤᠳᠬ᠎ᠠ ᠪᠣᠯᠤᠨ ᠴᠣ ᠰᠢᠨ᠎ᠡ ᠤᠯᠤᠰ ᠲᠦᠷᠦ ᠶᠢᠨ ᠱᠠᠭᠠᠷᠳᠠᠯᠭ᠎ᠠ ᠶᠢ ᠤᠶᠢᠯᠠᠭᠠᠬᠤ ᠬᠡᠷᠡᠭᠲᠡᠢ᠃ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠨᠠᠮ  ᠳᠠᠭᠠᠨ ᠦᠨᠡᠨᠴᠢ ︽ᠰᠢᠳᠤᠷᠭᠤ ᠬᠥᠮᠦᠨ︾᠂ ᠶᠣᠰᠣ ᠲᠦᠷᠢᠮ ᠢ ᠴᠢᠩᠭ᠎ᠠ ᠰᠠᠬᠢᠬᠤ ︽ᠲᠠᠭᠠᠭᠤᠯᠤᠬᠴᠢ︾᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ︽ᠴᠡᠪᠡᠷ ᠬᠥᠮᠦᠨ︾᠂ ᠠᠷᠠᠳ ᠲᠦᠮᠡᠨ ᠳᠤ ᠦᠢᠯᠡᠴᠢᠯᠡᠬᠦ ︽ᠳᠣᠲᠣᠨᠣ ᠬᠥᠮᠦᠨ︾᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ︽ᠡᠭᠦᠷᠭᠡᠯᠡᠯ ᠲᠠᠢ ᠬᠥᠮᠦᠨ︾᠂ ᠠᠮᠢᠳᠤᠷᠠᠯ ᠢᠶᠠᠨ ᠬᠠᠶᠢᠷᠠᠯᠠᠬᠤ ︽ᠡᠷᠬᠢᠮ ᠳᠡᠭᠡᠳᠦ ᠬᠥᠮᠦᠨ︾ ᠪᠣᠯᠬᠤ ᠬᠡᠷᠡᠭᠲᠡᠢ᠃ ᠬᠡᠷᠡᠭ ᠢᠶᠠᠷ ᠲᠤᠯᠢᠯᠡᠯ ᠪᠣᠯᠭᠠᠬᠤ ᠶᠢ ᠪᠠᠷᠢᠮᠲᠠᠯᠠᠵᠤ᠂ ᠭᠦᠨᠵᠡᠭᠡᠢ ᠰᠤᠷᠭᠠᠮᠵᠢ ᠠᠪᠴᠤ᠂ ᠬᠤᠷᠢᠭ᠎ᠠ ᠱᠤᠭᠤᠮ ᠢ ᠢᠮᠠᠭᠲᠠ ᠴᠢᠩᠭ᠎ᠠ ᠰᠠᠬᠢᠵᠤ ᠤᠤᠷ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠳᠡᠷᠭᠡᠳᠡᠬᠢ ᠬᠥᠮᠦᠰ ᠤᠨ ᠢᠶᠠᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠡᠷᠡᠭ ᠤᠨ ᠵᠢᠱᠢᠶ᠎ᠡ ᠪᠠᠷ ᠪᠤᠷᠤᠭᠤ ᠲᠠᠯ᠎ᠠ ᠶᠢᠨ ᠵᠢᠭᠠᠬᠤ ᠮᠠᠲ᠋ᠧᠷᠢᠶᠠᠯ ᠪᠣᠯᠭᠠᠵᠤ ᠂ ᠲᠡᠭᠦᠨ ᠠᠴᠠ ᠰᠤᠷᠭᠠᠮᠵᠢ ᠠᠪᠴᠤ᠂ ᠡᠭᠦᠨ ᠢᠶᠠᠷ ᠴᠡᠭᠡᠷᠯᠡᠯ ᠪᠣᠯᠭᠠᠨ᠂ ᠬᠦᠰᠡᠯᠡᠩ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠰᠠᠬᠢᠯᠭ᠎ᠠ ᠪᠠᠲᠤ ᠶᠢᠨ ᠦᠵᠡᠯᠲᠡ ᠪᠠᠨ ᠴᠢᠩᠭᠠᠳᠬᠠᠨ᠂ ᠡᠷᠬᠡ ᠪᠠᠨ ᠪᠣᠯᠭᠤᠮᠵᠢᠲᠠᠢ ᠬᠡᠷᠡᠭᠯᠡᠬᠦ ᠶᠢ ᠪᠠᠷᠢᠮᠲᠠᠯᠠᠬᠤ ᠬᠡᠷᠡᠭᠲᠡᠢ᠃ ᠤᠶᠤᠨ ᠰᠠᠨᠠᠭᠠᠨ ᠤ ᠺᠠᠯᠼ ᠢ ᠦᠷᠭᠦᠯᠵᠢ ᠨᠥᠬᠦᠪᠥᠷᠢᠯᠡᠵᠦ᠂ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ ᠪᠠᠶᠢᠵᠤ᠂ ᠬᠤᠪᠳᠤᠭ ᠰᠢᠨᠤᠯ ᠤᠨ ᠬᠤᠣᠷ ᠬᠥᠨᠥᠭᠡᠯ ᠢ ᠦᠷᠭᠦᠯᠵᠢ ᠪᠣᠳᠣᠯᠬᠢᠯᠠᠵᠤ᠂ ᠶᠠᠮᠠᠷᠪᠠ ᠦᠶ᠎ᠡ ᠳᠤ ᠴᠥᠮ ᠦᠵᠡᠯ ᠰᠠᠨᠠᠭᠠᠨ ᠤ ︽ᠰᠡᠷᠭᠡᠶᠢᠯᠡᠯᠲᠡ ᠶᠢᠨ ᠱᠤᠭᠤᠮ︾ ᠢ ᠪᠠᠲᠤ ᠴᠣᠭᠴᠠᠯᠠᠵᠤ᠂ ᠬᠠᠤᠯᠢ ᠰᠠᠬᠢᠯᠭ᠎ᠠ ᠶᠢᠨ ︽ᠥᠨᠳᠥᠷ ᠳᠠᠷᠤᠯᠲᠠ ᠶᠢᠨ ᠱᠤᠭᠤᠮ︾ ᠢ ᠳᠠᠪᠠᠭ᠋ᠤ ᠦᠭᠡᠢ᠂ ᠠᠯᠪᠠᠨ ᠤ ᠪᠠ ᠬᠤᠪᠢ ᠶᠢᠨ ︽ᠵᠠᠭᠠᠭ ᠱᠤᠭᠤᠮ︾ ᠢ ᠳᠠᠪᠠᠭ᠋ᠤ ᠦᠭᠡᠢ ᠪᠠᠶᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠢᠲᠡᠭᠡᠯ ᠪᠢᠰᠢᠷᠡᠯ ᠢᠶᠠᠨ ᠪᠠᠳᠤᠤᠨᠬᠠᠬᠤ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ᠂ ᠦᠢᠯᠡᠳᠦᠯᠭᠡ ᠶᠢ ᠵᠢᠯᠣᠭᠤᠳᠬᠤ᠂ ᠬᠥᠭᠵᠢᠯᠲᠡ  ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃       ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᠶᠦᠩ ᠫᠢᠩ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠤᠯᠠᠮᠵᠢᠯᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠡᠦ ᠰᠢᠨ ᠭᠠᠩ ᠪᠥᠬᠦ ᠬᠤᠰᠢᠭᠤᠨ ᠤ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠣᠯᠤᠨ ᠰᠠᠬᠢᠯᠭ᠎ᠠ ᠪᠠᠲᠤ ᠶᠢ ᠬᠢᠨᠠᠨ ᠪᠠᠶᠢᠴᠠᠭᠠᠬᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ  ᠤ ᠡᠷᠬᠢᠯᠡᠭᠴᠢ ᠬᠠᠢ ᠤᠯᠠᠭᠠᠨᠲᠤᠶᠠᠭ᠎ᠠ᠂ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ ᠵᠧᠦ ᠭᠤᠸᠠᠩ ᠵᠢᠶᠦ᠋ᠨ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠶᠠᠨ ᠤ ᠱᠠᠲᠤᠨ ᠤ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠬᠤᠷᠠᠯ ᠳᠤ ᠣᠷᠣᠯᠴᠠᠪᠠ᠃ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠴᠡᠭᠡᠷᠯᠡᠯ︾ ᠢ ᠲᠥᠪᠯᠡᠷᠡᠨ ᠰᠣᠨᠢᠷᠬᠠᠪᠠ᠃ ᠰᠢᠶᠠᠨ ᠤ ᠱᠠᠲᠤᠨ ᠤ ᠤᠳᠤᠷᠢᠳᠤᠯᠭ᠎ᠠ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠳᠠᠬᠢᠨ ᠤᠩᠰᠢᠪᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ