ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 27 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 6 | ᠰᠠᠷ᠎ᠠ ᠶᠢᠨ 27 ᠤ ᠡᠳᠦᠷ ᠬᠤᠷᠠᠯ ᠬᠤᠷᠠᠯᠳᠤᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠰᠤᠳᠤᠯᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ | ᠃ | ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢ 7 | ᠰᠠᠷ᠎ᠠ ᠶᠢᠨ 15 ᠠᠴᠠ 18 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠭᠤᠯᠬᠤ ᠪᠠᠷ ᠲᠣᠭᠲᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ︽ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠶᠢᠨ ᠲᠣᠭᠲᠠᠭᠠᠯ︾ ᠤᠨ ᠨᠣᠣᠷᠠᠭ ᠤᠨ ᠲᠤᠬᠠᠢ ᠨᠠᠮ ᠤᠨ ᠳᠣᠲᠣᠨ᠎ᠠ | ᠭᠠᠳᠠᠨᠠᠬᠢ ᠵᠣᠬᠢᠬᠤ ᠬᠡᠪᠴᠢᠶᠡᠨ ᠳᠤ ᠰᠠᠨᠠᠯ ᠬᠤᠷᠢᠶᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ᠂ ᠲᠣᠰ ᠤᠳᠠᠭᠠᠨ ᠤ ᠬᠤᠷᠠᠯ ᠳᠤ ᠶᠠᠷᠢᠯᠴᠠᠭᠰᠠᠨ | ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠤᠭᠰᠠᠨ ᠤ ᠳᠠᠷᠠᠭ᠎ᠠ ᠪᠢᠴᠢᠭ ᠮᠠᠲ᠋ᠧᠷᠢᠶᠠᠯ ᠤᠨ ᠨᠣᠣᠷᠠᠭ ᠢ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ | ᠬᠤᠷᠠᠯ ᠠᠴᠠ᠂ ᠡᠨᠡ ᠤᠳᠠᠭ᠎ᠠ ᠰᠠᠨᠠᠯ ᠬᠤᠷᠢᠶᠠᠬᠤ ᠳᠠᠭᠠᠨ ᠨᠠᠮ ᠤᠨ ᠳᠣᠲᠣᠭᠠᠳᠤ ᠶᠢᠨ ᠠᠷᠠᠳᠴᠢᠯᠠᠯ᠂ ᠤᠯᠡᠠ ᠤ ᠤᠶᠤᠨ ᠤᠬᠠᠭᠠᠨ ᠢ ᠲᠥᠪᠯᠡᠷᠡᠭᠦᠯᠬᠦ | ᠰᠤᠷᠲᠠᠯ ᠢ ᠭᠦᠢᠴᠡᠳ ᠪᠠᠳᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠲᠣᠭᠲᠠᠭᠠᠯ ᠤᠨ ᠨᠣᠣᠷᠠᠭ ᠢ ᠭᠦᠢᠴᠡᠳ ᠨᠤᠲᠠᠯᠠᠵᠠᠢ | ᠭᠡᠵᠦ ᠵᠢᠭᠠᠵᠤ ᠭᠠᠷᠭᠠᠨ᠂ ᠲᠣᠭᠲᠠᠭᠠᠯ ᠤᠨ ᠨᠣᠣᠷᠠᠭ ᠲᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ | ᠪᠠᠶᠢᠳᠠᠯ ᠰᠢᠨ᠎ᠡ ᠠᠰᠠᠭᠤᠳᠠᠯ ᠢ ᠭᠦᠨᠵᠡᠭᠡᠢ ᠵᠠᠳᠠᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠥᠭᠡᠷᠡᠴᠢᠯᠡᠯᠲᠡ ᠶᠢ ᠴᠢᠨᠠᠭᠰᠢᠳᠠ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠰᠢᠨ᠎ᠡ ᠠᠶᠠᠨ ᠳᠤ ᠥᠭᠡᠷᠡᠴᠢᠯᠡᠯᠲᠡ ᠶᠢ | ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠵᠤ᠂ ᠰᠢ ᠶᠢᠨ ᠫᠢᠩ ᠨᠥᠬᠦᠷ ᠢᠶᠠᠷ | ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠬᠦ᠂ | ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠡᠦᠬᠡ ᠶᠢᠨ ᠰᠠᠨᠠᠭᠠᠴᠢᠯᠠᠭᠠᠲᠤ ᠴᠢᠨᠠᠷ᠂ | ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠷᠠᠭᠤᠯ ᠢᠷᠡᠭᠡᠳᠦᠢ ᠶᠢ | ᠨᠡᠭᠡᠭᠡᠬᠦ ᠴᠢᠩᠭ᠎ᠠ ᠬᠠᠲᠠᠭᠤ ᠡᠷᠡᠰ ᠵᠣᠷᠢᠭ ᠢ ᠭᠦᠢᠴᠡᠳ ᠢᠯᠡᠷᠡᠭᠦᠯᠵᠡᠢ ᠭᠡᠵᠦ ᠦᠵᠡᠪᠡ᠃ | ᠬᠤᠷᠠᠯ ᠠᠴᠠ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠳᠠᠯ ᠪᠣᠯᠣᠨ᠎ᠠ᠃ 2035 ᠣᠨ ᠪᠤᠯᠬᠤ ᠳᠤ ᠥᠨᠳᠥᠷ ᠲᠦᠪᠰᠢᠨ ᠪᠦᠬᠦᠢ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠦᠭᠦ ᠲᠠᠯ᠎ᠠ ᠪᠠᠷ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠪᠠᠶᠢᠭᠤᠯᠤᠯ ᠢ ᠨᠠᠩ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠲᠣᠰ ᠵᠠᠭᠤᠨ ᠤ ᠳᠤᠮᠳᠠᠴᠢ ᠪᠤᠯᠬᠤ ᠳᠤ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ ᠭᠡᠵᠦ ᠴᠢᠬᠤᠯᠠᠴᠢᠯᠠᠪᠠ᠃ | ᠬᠤᠷᠠᠯ ᠠᠴᠠ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ | ᠢᠯᠠᠩᠭᠤᠶ᠎ᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ᠂ | ᠳᠣᠣᠷᠠᠬᠢ ᠵᠠᠷᠴᠢᠮ ᠢ ᠲᠤᠭᠤᠰᠢᠯᠠᠭᠤᠯᠬᠤ ᠬᠡᠷᠡᠭᠲᠡᠢ᠄ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ | ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ | ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠪᠠᠳᠠᠷᠠᠭᠤᠯᠵᠤ᠂ ᠨᠠᠮ ᠤᠨ ᠤᠳᠤᠷᠢᠳᠤᠯᠭ᠎ᠠ ᠶᠢ ᠥᠭᠡᠷᠡᠴᠢᠯᠡᠯᠲᠡ ᠶᠢᠨ ᠡᠯ᠎ᠡ ᠲᠠᠯ᠎ᠠ ᠪᠦᠭᠦ | ᠶᠠᠪᠤᠴᠠ ᠳᠤ ᠲᠤᠭᠤᠰᠢᠯᠠᠭᠤᠯᠵᠤ᠂ ᠥᠭᠡᠷᠡᠴᠢᠯᠡᠯᠲᠡ ᠶᠢᠨ ᠢᠮᠠᠭᠲᠠ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ | ᠭᠡᠷᠡᠭᠲᠡᠢ︔ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠪᠠ ᠡᠭᠦᠳᠦᠨ ᠪᠦᠲᠦᠭᠡᠬᠦ | ᠵᠣᠷᠢᠭ ᠰᠠᠨᠠᠭ᠎ᠠ ᠶᠢ ᠭᠦᠨᠳᠦᠳᠭᠡᠵᠦ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠥᠭᠡᠷᠡᠴᠢᠯᠡᠯᠲᠡ ᠨᠢ ᠬᠠᠷᠢᠭᠤ ᠲᠤᠰᠬᠠᠯ ᠲᠠᠢ ᠪᠠᠶᠢᠬᠤ ᠶᠢ ᠪᠠᠷᠢᠮᠲᠠᠯᠠᠵᠤ᠂ | ᠥᠭᠡᠷᠡᠴᠢᠯᠡᠯᠲᠡ ᠨᠢ ᠠᠷᠠᠳ ᠲᠦᠮᠡᠨ ᠤ ᠲᠥᠯᠥᠭᠡ᠂ ᠥᠭᠡᠷᠡᠴᠢᠯᠡᠯᠲᠡ ᠨᠢ ᠠᠷᠠᠳ ᠲᠦᠮᠡᠨ ᠳᠤ ᠲᠦᠰᠢᠭᠯᠡᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠠᠷᠠᠳ | ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠪᠡᠶᠡᠯᠡᠭᠦᠯᠬᠦ ᠭᠡᠷᠡᠭᠳᠡᠢ︔ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠢ ᠭᠤᠶᠢᠪᠢᠰᠢ ᠦᠭᠡᠢ ᠪᠠᠷᠢᠮᠲᠠᠯᠠᠨ᠂ ᠴᠠᠭ ᠦᠶ᠎ᠡ ᠶᠢᠨ ᠠᠯᠬᠤᠭ᠎ᠠ ᠶᠢ ᠴᠢᠩᠭ᠎ᠠ ᠲᠠᠭᠠᠵᠤ᠂ ᠦᠢᠯᠡᠳᠦᠯᠭᠡ ᠶᠢᠨ ᠬᠥᠭᠵᠢᠯᠲᠡ ᠲᠠᠢ | ᠵᠣᠬᠢᠴᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠣᠪᠤᠶᠢᠯᠭᠠᠨ᠂ ᠰᠢᠨ᠎ᠡ ᠡᠭᠢᠯᠡᠯᠲᠡ ᠶᠢᠨ ᠴᠡᠭ ᠳᠡᠭᠡᠷ᠎ᠡ ᠤᠨᠤᠯ ᠤᠨ ᠰᠢᠨ᠎ᠡ ᠶᠢ ᠡᠭᠦᠳᠬᠦ᠂ | ᠦᠢᠯᠡᠳᠦᠯᠭᠡ ᠶᠢᠨ ᠰᠢᠨ᠎ᠡ ᠶᠢ ᠡᠭᠦᠳᠬᠦ᠂ ᠳᠦᠷᠢᠮ ᠤᠨ ᠰᠢᠨ᠎ᠡ ᠶᠢ ᠡᠭᠦᠳᠬᠦ᠂ ᠰᠣᠶᠣᠯ ᠤᠨ ᠰᠢᠨ᠎ᠡ ᠶᠢ ᠡᠭᠦᠳᠬᠦ ᠪᠠ ᠪᠤᠰᠤᠳ ᠡᠯ᠎ᠡ ᠲᠠᠯ᠎ᠠ ᠳᠤ ᠰᠢᠨ᠎ᠡ ᠶᠢ | ᠡᠭᠦᠳᠬᠦ ᠶᠢ ᠠᠬᠢᠭᠤᠯᠬᠤ ᠭᠡᠷᠡᠭᠳᠡᠢ︔ ᠳᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠦᠵᠦ ᠲᠥᠯᠥᠪᠯᠡᠭᠡ ᠬᠢᠬᠦ᠂ | ᠶᠡᠷᠦᠩᠬᠡᠢ ᠳᠤᠨᠢ ᠲᠥᠯᠥᠪᠵᠢᠭᠦᠯᠬᠦ᠂ ᠡᠪᠳᠡᠵᠦ ᠪᠠᠶᠢᠭᠤᠯᠬᠤ ᠶᠢ ᠵᠡᠷᠭᠡ ᠪᠠᠷ ᠠᠳᠬᠤᠬᠤ᠂ ᠤᠷᠢᠳ ᠢᠶᠠᠷ ᠰᠢᠨ᠎ᠡ ᠶᠢ ᠪᠠᠶᠢᠭᠤᠯᠤᠨ ᠳᠠᠷᠠᠭ᠎ᠠ ᠨᠢ ᠬᠠᠭᠤᠴᠢᠨ ᠢ | ᠡᠪᠳᠡᠬᠦ ᠶᠢ ᠴᠢᠩᠭᠠᠳᠬᠠᠵᠤ᠂ ᠦᠨᠳᠦᠰᠦ ᠪᠤᠯᠬᠤ ᠳᠦᠷᠢᠮ ᠢ ᠪᠠᠬᠢᠵᠢᠭᠦᠯᠵᠦ᠂ ᠦᠨᠳᠦᠰᠦᠨ ᠳᠦᠷᠢᠮ ᠢ ᠲᠡᠭᠦᠯᠳᠡᠷᠵᠢᠭᠦᠯᠵᠦ᠂ ᠴᠢᠬᠤᠯᠠ ᠳᠦᠷᠢᠮ ᠤᠨ ᠰᠢᠨ᠎ᠡ ᠶᠢ | ᠡᠭᠦᠳᠬᠦ ᠭᠡᠷᠡᠭᠳᠡᠢ︔ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠮ ᠳᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ᠂ ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠶᠢ ᠬᠠᠷᠢᠯᠴᠠᠨ | ᠨᠢᠭᠡᠳᠬᠡᠬᠦ ᠶᠢ ᠪᠡᠶᠡᠯᠡᠭᠦᠯᠵᠦ᠂ ᠴᠢᠬᠤᠯᠠ ᠶᠡᠭᠡ ᠥᠭᠡᠷᠡᠴᠢᠯᠡᠯᠲᠡ ᠶᠢ ᠬᠠᠤᠯᠢ ᠶᠢᠨ ᠦᠨᠳᠦᠰᠦᠯᠡᠯ ᠲᠠᠢ ᠪᠤᠯᠭᠠᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠴᠠᠭ | ᠲᠤᠬᠠᠢ ᠳᠤᠨᠢ ᠬᠠᠤᠯᠢ ᠴᠠᠭᠠᠵᠠ ᠶᠢᠨ ᠳᠦᠷᠢᠮ ᠪᠣᠯᠭᠠᠨ ᠳᠡᠭᠡᠭᠰᠢᠯᠡᠭᠦᠯᠭᠦ ᠭᠡᠷᠡᠭᠳᠡᠢ︔ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠠᠵᠤ ᠠᠬᠤᠢ ᠪᠠ ᠨᠡᠶᠢᠭᠡᠮ᠂ | ᠵᠠᠰᠠᠭ ᠤᠨ ᠣᠷᠳᠣᠨ ᠪᠠ ᠵᠠᠬ᠎ᠠ ᠳᠡᠯᠭᠡᠭᠦᠷ᠂ ᠦᠷ᠎ᠡ ᠪᠦᠲᠦᠮᠵᠢ ᠪᠠ ᠲᠥᠪ ᠭᠤᠣᠯᠴᠢ᠂ ᠠᠮᠢᠵᠢᠷᠠᠯ ᠤᠨ ᠬᠦᠴᠦᠨ ᠪᠠ ᠡᠮᠬᠢ ᠳᠢᠭᠯᠢᠮ᠂ ᠬᠥᠭᠵᠢᠯᠲᠡ ᠪᠠ ᠠᠮᠤᠷ | ᠲᠦᠪᠰᠢᠨ ᠵᠡᠷᠭᠡ ᠴᠢᠬᠤᠯᠠ ᠶᠡᠭᠡ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ | ᠬᠠᠮᠵᠢᠯᠴᠠᠬᠤ ᠴᠢᠨᠠᠷ ᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠪᠠᠲᠤᠯᠠᠭ᠎ᠠ ᠮᠥᠨ᠃ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ | ᠡᠷᠬᠡᠪᠰᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ | ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠢ ᠪᠠᠷᠢᠮᠲᠠᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠨᠠᠮ ᠢ | ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ | ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | |