ᠰᠢ ᠶᠢᠨ ᠫᠢᠩ  ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ  ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠳᠤ  ᠣᠷᠣᠯᠴᠠᠬᠤ ᠶᠢᠨ ᠬᠠᠮᠲᠤ ᠺᠠᠽᠠᠬᠰᠲ᠋ᠠᠨ ᠲᠠᠵᠢᠺᠰᠲ᠋ᠠᠨ ᠳᠤ ᠲᠥᠷᠥ  ᠶᠢᠨ ᠶᠠᠪᠤᠳᠠᠯ ᠤᠨ ᠠᠶᠢᠯᠴᠢᠯᠠᠯᠲᠠ ᠬᠢᠨ᠎ᠡ
ᠨᠡᠶᠢᠲᠡᠯᠡᠭᠰᠡᠨ ᠴᠠᠭ᠄
2024/7/11
      ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 30 ᠤ ᠴᠠᠭᠢᠯᠭᠠᠨ ᠮᠡᠳᠡᠭᠡ ᠭᠠᠳᠠᠭᠠᠳᠤ ᠶᠠᠪᠤᠳᠠᠯ ᠤᠨ ᠶᠠᠮᠤᠨ ᠤ ᠥᠭᠦᠯᠡᠭᠴᠢ ᠬᠤᠸᠠ ᠴᠦᠨ ᠶᠢᠩ 6 ᠰᠠᠷ᠎ᠠ ᠶᠢᠨ 30 ᠤ ᠡᠳᠦᠷ᠄ 7 ᠰᠠᠷ᠎ᠠ ᠶᠢᠨ 2 ᠠᠴᠠ 6 ᠤ ᠡᠳᠦᠷ ᠪᠤᠯᠲᠠᠯ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠤ ᠶᠠᠪᠤᠭᠳᠠᠬᠤ  ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ  ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠳᠤ ᠣᠷᠤᠯᠴᠠᠬᠤ ᠪᠥᠭᠡᠳ ᠪᠦᠭᠦᠳᠡ ᠨᠠᠶᠢᠷᠠᠮᠳᠠᠬᠤ ᠺᠠᠽᠠᠬᠰᠲ᠋ᠠᠨ ᠤᠯᠤᠰ ᠤᠨ ᠶᠡᠷᠦᠩᠬᠡᠶᠢᠯᠡᠭᠴᠢ ᠲᠦᠸᠧᠺᠠᠶᠧᠹ᠂ ᠪᠦᠭᠦᠳᠡ ᠨᠠᠶᠢᠷᠠᠮᠳᠠᠬᠤ ᠲᠠᠵᠢᠺᠰᠲ᠋ᠠᠨ ᠤᠯᠤᠰ ᠤᠨ ᠶᠡᠷᠦᠩᠬᠡᠶᠢᠯᠡᠭᠴᠢ ᠯᠠᠾᠧᠮᠧᠩ ᠤᠨ ᠤᠷᠢᠯᠭ᠎ᠠ ᠪᠠᠷ ᠬᠤᠶᠠᠷ ᠤᠯᠤᠰ ᠲᠤ  ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠨ᠎ᠡ ᠭᠡᠵᠦ ᠨᠡᠶᠢᠲᠡᠯᠡᠪᠡ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ