ᠰᠢ ᠶᠢᠨ ᠫᠢᠩ  ᠠᠦ᠋ᠰᠲᠷᠠᠯᠢᠶ᠎ᠠ ᠶᠢᠨ ᠰᠢᠨ᠎ᠡ ᠪᠠᠷ ᠲᠤᠰᠢᠶᠠᠯ ᠳᠤ ᠭᠠᠷᠤᠭᠰᠠᠨ ᠪᠦᠭᠦᠳᠠ ᠶᠢ ᠵᠠᠬᠢᠷᠤᠭᠴᠢ ᠰᠠᠶᠢᠳ ᠮᠦᠸᠧᠰᠲ᠋ᠢᠨ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/7/11
      ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 1 ᠤ ᠴᠠᠭᠢᠯᠭᠠᠨ ᠮᠡᠳᠡᠭᠡ 7 ᠰᠠᠷ᠎ᠠ ᠶᠢᠨ 1 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠠᠮᠠᠨᠱᠠ • ᠮᠦᠸᠧᠰᠲ᠋ᠢᠨ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ  ᠠᠦ᠋ᠰᠲᠷᠠᠯᠢᠶ᠎ᠠ ᠶᠢᠨ ᠪᠦᠭᠦᠳᠠ ᠶᠢ ᠵᠠᠬᠢᠷᠤᠭᠴᠢ ᠰᠠᠶᠢᠳ ᠪᠣᠯᠤᠭᠰᠠᠨ ᠳᠤ ᠪᠠᠶᠠᠷ ᠬᠦᠷᠭᠡᠪᠡ᠃      ᠰᠢ ᠶᠢᠨ ᠫᠢᠩ᠂ ᠳᠤᠮᠳᠠᠳᠤ  ᠠᠦ᠋ᠰᠲᠷᠠᠯᠢᠶ᠎ᠠ ᠪᠣᠯ ᠴᠢᠬᠤᠯᠠ ᠬᠠᠮᠲᠤᠷᠠᠯᠴᠠᠭᠠᠨ ᠤ ᠬᠠᠨᠢᠲᠠᠨ ᠮᠥᠨ᠂ ᠴᠥᠮ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠴᠢᠬᠤᠯᠠ ᠪᠦᠷᠢᠯᠳᠦᠭᠦᠨ ᠪᠠ ᠳᠡᠯᠡᠬᠡᠢ ᠶᠢᠨ ᠣᠯᠠᠨ ᠲᠦᠢᠯᠰᠢᠷᠠᠯᠲᠠ ᠶᠢᠨ ᠶᠠᠪᠤᠴᠠ ᠳᠠᠬᠢ ᠴᠢᠬᠤᠯᠠ ᠬᠦᠴᠦᠨ ᠮᠥᠨ᠃ ᠡᠷᠡᠭᠦᠯ ᠲᠣᠭᠲᠠᠭᠤᠨ ᠢᠶᠠᠷ ᠬᠥᠭᠵᠢᠭᠰᠡᠨ ᠳᠤᠮᠳᠠᠳᠤ  ᠠᠦ᠋ᠰᠲᠷᠠᠯᠢᠶ᠎ᠠ ᠶᠢᠨ ᠬᠠᠷᠢᠯᠴᠠᠭ᠎ᠠ ᠨᠢ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠪᠣᠯᠣᠨ ᠠᠯᠤᠰ ᠭᠡᠳᠦ ᠶᠢᠨ ᠠᠰᠢᠭ ᠲᠤᠰᠠ ᠳᠤ ᠨᠡᠶᠢᠴᠡᠬᠦ ᠪᠥᠭᠡᠳ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠳᠤ ᠠᠰᠢᠭᠲᠠᠢ ᠶᠤᠮ᠃ ᠪᠢ ᠳᠤᠮᠳᠠᠳᠤ  ᠠᠦ᠋ᠰᠲᠷᠠᠯᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ  ᠠᠦ᠋ᠰᠲᠷᠠᠯᠢᠶ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠪᠠᠨ ᠦᠯᠡᠳᠡᠭᠡᠬᠦ ᠵᠠᠷᠴᠢᠮ ᠶᠣᠰᠣᠭᠠᠷ᠂ ᠨᠠᠩ ᠪᠣᠯᠪᠠᠰᠤᠷᠠᠩᠭᠤᠢ ᠲᠣᠭᠲᠠᠭᠤᠨ᠂ ᠨᠠᠩ ᠦᠷ᠎ᠡ ᠪᠦᠲᠦᠭᠡᠯ ᠰᠠᠶᠢᠲᠠᠢ ᠳᠤᠮᠳᠠᠳᠤ  ᠠᠦ᠋ᠰᠲᠷᠠᠯᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠠᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ