ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭᠠᠨ ᠤ ᠬᠤᠷᠠᠯ ᠳᠤ ᠣᠷᠣᠯᠴᠠᠬᠤ ᠶᠢᠨ ᠬᠠᠮᠲᠤ ᠺᠠᠽᠠᠭᠰᠲ᠋ᠠᠨ᠂ ᠲᠠᠵᠢᠺᠰᠲ᠋ᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠡᠭᠡᠵᠢᠩ ᠠᠴᠠ ᠮᠣᠷᠳᠠᠪᠠ
ᠨᠡᠶᠢᠲᠡᠯᠡᠭᠰᠡᠨ ᠴᠠᠭ᠄
2024/7/11
      7 ᠳ᠋ᠤᠭᠠᠷ ᠰᠠᠷ᠎ᠠ ᠶᠢᠨ 2 ᠤᠨ ᠦᠳᠡ ᠶᠢᠨ ᠡᠮᠦᠨ᠎ᠡ᠂ ᠰᠢ ᠶᠢᠨ ᠫᠢᠩ ᠠᠰᠲ᠋ᠠᠨᠠ ᠳᠤ ᠬᠦᠷᠴᠦ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭᠠᠨ ᠤ ᠬᠤᠷᠠᠯ ᠳᠤ ᠣᠷᠣᠯᠴᠠᠬᠤ ᠪᠠᠷ ᠲᠤᠰᠬᠠᠢ ᠨᠢᠰᠬᠡᠯ ᠢᠶᠠᠷ ᠪᠡᠭᠡᠵᠢᠩ ᠠᠴᠠ ᠮᠣᠷᠳᠠᠵᠤ᠂ ᠪᠦᠬᠦᠳᠡ ᠨᠠᠶᠢᠷᠠᠮᠳᠠᠬᠤ ᠺᠠᠽᠠᠭᠰᠲ᠋ᠠᠨ ᠤᠯᠤᠰ ᠤᠨ ᠶᠡᠷᠦᠩᠬᠡᠶᠢᠯᠡᠭᠴᠢ ᠲᠦᠸᠧᠺᠠᠶᠧᠹ᠂ ᠪᠦᠬᠦᠳᠡ ᠨᠠᠶᠢᠷᠠᠮᠳᠠᠬᠤ ᠲᠠᠵᠢᠺᠰᠲ᠋ᠠᠨ ᠤᠯᠤᠰ ᠤᠨ ᠶᠡᠷᠦᠩᠬᠡᠶᠢᠯᠡᠭᠴᠢ ᠯᠠᠾᠧᠮᠧᠩ ᠤᠨ ᠤᠷᠢᠯᠭ᠎ᠠ ᠪᠠᠷ ᠬᠤᠶᠠᠷ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠣᠯᠪᠠ᠃      ᠰᠢ ᠶᠢᠨ ᠫᠢᠩ ᠳᠤ ᠪᠠᠷ᠎ᠠ ᠪᠣᠯᠣᠭᠰᠠᠳ ᠲᠤ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠡᠷᠬᠢᠯᠡᠭᠴᠢ ᠼᠠᠢ ᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠨᠠᠷ ᠪᠤᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ