ᠰᠢ ᠶᠢᠨ ᠫᠢᠩ ᠺᠠᠽᠠᠭᠰᠲ᠋ᠠᠨ ᠤ ᠵᠠᠭᠤᠴᠢᠯᠠᠭᠤᠷ ᠲᠤ ᠨᠡᠷ᠎ᠡ ᠬᠠᠳᠠᠭᠰᠠᠨ ᠵᠣᠬᠢᠶᠠᠯ ᠨᠡᠶᠢᠲᠡᠯᠡᠪᠡ ᠰᠡᠳᠬᠢᠯ ᠨᠢᠭᠡᠳᠦᠨ ᠯᠠᠪᠳᠠᠭᠤᠨ ᠪᠠᠲᠤᠲᠠᠢ ᠤᠷᠤᠭᠰᠢᠯᠠᠵᠤ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠶ᠎ᠡ
ᠨᠡᠶᠢᠲᠡᠯᠡᠭᠰᠡᠨ ᠴᠠᠭ᠄
2024/7/11
      ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 7 ᠰᠠᠷ᠎ᠠ ᠶᠢᠨ 2 ᠤᠨ ᠴᠠᠭᠢᠯᠭᠠᠨ ᠮᠡᠳᠡᠭᠡ 7 ᠰᠠᠷ᠎ᠠ ᠶᠢᠨ 2 ᠤᠨ ᠡᠳᠦᠷ᠂ ᠠᠰᠲ᠋ᠠᠨᠠ ᠳᠤ ᠬᠦᠷᠴᠦ ᠺᠠᠽᠠᠬᠰᠲ᠋ᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠲᠠᠰᠢᠷᠠᠮ ᠢᠶᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ︽ᠺᠠᠽᠠᠬᠰᠲ᠋ᠠᠨ ᠤ ᠦᠨᠡᠨ ᠶᠣᠰᠣ ᠰᠣᠨᠢᠨ︾᠂ ᠺᠠᠽᠠᠬᠰᠲ᠋ᠠᠨ ᠤ ᠤᠯᠠᠨ ᠤᠯᠤᠰ ᠤᠨ ᠴᠢᠮᠡᠭᠡᠯᠡᠯ ᠤᠨ ᠬᠤᠷᠢᠶ᠎ᠠ ᠳᠤ ︽ᠰᠡᠳᠬᠢᠯ ᠨᠢᠭᠡᠳᠦᠨ ᠯᠠᠪᠳᠠᠭᠤᠨ ᠪᠠᠲᠤᠲᠠᠢ ᠤᠷᠤᠭᠰᠢᠯᠠᠵᠤ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠶ᠎ᠡ︾ ᠭᠡᠬᠦ ᠰᠡᠳᠦᠪ ᠢᠶᠠᠷ ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄      ᠰᠡᠳᠬᠢᠯ ᠨᠢᠭᠡᠳᠦᠨ ᠯᠠᠪᠳᠠᠭᠤᠨ ᠪᠠᠲᠤᠲᠠᠢ ᠤᠷᠤᠭᠰᠢᠯᠠᠵᠤ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠶ᠎ᠡ                        ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ      ᠵᠤᠨ ᠤ ᠳᠤᠮᠳᠠ ᠰᠠᠷ᠎ᠠ ᠪᠠᠷ ᠲᠦᠮᠡᠨ ᠪᠣᠳᠠᠰ ᠠᠮᠢᠯᠠᠨ ᠲᠥᠯᠵᠢᠨ᠎ᠡ᠃ ᠡᠨᠡ ᠬᠦ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠤᠯᠠᠷᠢᠯ ᠤᠨ ᠰᠠᠶᠢᠬᠠᠨ ᠳᠤ᠂ ᠶᠡᠷᠦᠩᠬᠡᠶᠢᠯᠡᠭᠴᠢ ᠲᠦᠸᠧᠺᠠᠶᠧᠹ ᠤᠨ ᠤᠷᠢᠯᠭ᠎ᠠ ᠪᠠᠷ᠂ ᠪᠢ ᠤᠳᠠᠯ ᠦᠭᠡᠢ ᠺᠠᠽᠠᠬᠰᠲ᠋ᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠣᠯᠣᠨ᠎ᠠ᠃ ᠡᠨᠡ ᠪᠣᠯ ᠮᠢᠨᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ ᠲᠠᠪᠤᠳᠠᠭᠢ ᠤᠳᠠᠭ᠎ᠠ ᠡᠨᠡ ᠬᠦ ᠪᠠᠭ᠋ᠠᠷᠠᠯ ᠢ ᠲᠠᠲᠠᠮ᠎ᠠ ᠭᠠᠵᠠᠷ ᠣᠷᠣᠨ ᠳᠤ ᠠᠶᠢᠯᠴᠢᠯᠠᠵᠤ ᠪᠠᠶᠢᠭ᠎ᠠ ᠶᠠᠪᠤᠳᠠᠯ ᠪᠣᠯᠣᠨ᠎ᠠ᠃ ᠺᠠᠽᠠᠬᠰᠲ᠋ᠠᠨ ᠤ ᠭᠡᠷᠡᠯ ᠰᠠᠴᠤᠷᠠᠩᠭᠤᠢ ᠥᠪᠡᠷᠮᠢᠴᠡ ᠰᠣᠶᠣᠯ᠂ ᠥᠷᠭᠡᠨ ᠠᠭᠤᠳᠠᠮ ᠦᠵᠡᠰᠬᠦᠯᠡᠩᠲᠦ ᠰᠠᠶᠢᠬᠠᠨ ᠥᠩᠭᠡ ᠦᠵᠡᠮᠵᠢ᠂ ᠪᠣᠷᠣᠭᠵᠢᠭᠤᠨ ᠵᠣᠴᠢᠨᠰᠠᠭ ᠠᠷᠠᠳ ᠲᠦᠮᠡᠨ ᠨᠠᠳᠠ ᠳᠤ ᠭᠦᠨ ᠰᠠᠭᠤᠭᠳᠠᠯ ᠦᠯᠡᠳᠡᠭᠡᠵᠡᠢ᠃ ᠪᠢ ᠡᠨᠡ ᠤᠳᠠᠭ᠎ᠠ ᠶᠢᠨ ᠠᠶᠢᠯᠴᠢᠯᠠᠯᠲᠠ ᠪᠠᠷ ᠳᠠᠮᠵᠢᠨ᠂ ᠺᠠᠽᠠᠬᠰᠲ᠋ᠠᠨ ᠤ ᠰᠢᠨ᠎ᠡ ᠬᠥᠭᠵᠢᠯᠲᠡ ᠰᠢᠨ᠎ᠡ ᠬᠤᠪᠢᠷᠠᠯᠲᠠ ᠶᠢ ᠪᠡᠶᠡᠴᠢᠯᠡᠨ ᠣᠶᠢᠯᠠᠭᠠᠵᠤ᠂ ᠶᠡᠷᠦᠩᠬᠡᠶᠢᠯᠡᠭᠴᠢ ᠲᠦᠸᠧᠺᠠᠶᠧᠹ ᠲᠠᠢ ᠬᠠᠮᠲᠤ ᠪᠠᠷ ᠬᠤᠶᠠᠷ ᠤᠯᠤᠰ ᠤᠨ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠵᠥᠪᠳᠡᠯᠴᠡᠵᠦ᠂ ᠭᠠᠷ ᠬᠤᠯᠪᠣᠯᠴᠠᠨ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠪᠣᠯᠣᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠰᠢᠨ᠎ᠡ ᠵᠢᠷᠤᠭ ᠲᠥᠰᠥᠪ ᠢ ᠵᠢᠷᠤᠭᠯᠠᠬᠤ ᠶᠢ ᠬᠦᠰᠡᠵᠦ ᠪᠠᠶᠢᠨ᠎ᠠ᠃      2000 ᠭᠠᠷᠤᠢ ᠵᠢᠯ ᠤᠨ ᠡᠮᠦᠨ᠎ᠡ᠂ ᠵᠠᠩ ᠴᠢᠶᠠᠨ ᠶᠣᠰᠣ ᠵᠢᠷᠤᠮ ᠢ ᠪᠠᠷᠢᠮᠲᠠᠯᠠᠨ ᠪᠠᠷᠠᠭᠤᠨ ᠬᠢᠵᠠᠭᠠᠷ ᠲᠤ ᠡᠯᠴᠢ ᠪᠠᠷ ᠬᠦᠷᠴᠦ᠂ ᠳᠤᠮᠳᠠᠳᠤ ᠤᠯᠤᠰ ᠪᠣᠯᠣᠨ ᠳᠤᠮᠳᠠᠳᠤ ᠠᠽᠢᠶ᠎ᠠ ᠶᠢᠨ ᠨᠥᠭᠦᠷᠰᠡᠭ ᠶᠠᠪᠤᠯᠴᠠᠭᠠᠨ ᠤ ᠡᠭᠦᠳᠡ ᠶᠢ ᠨᠡᠭᠡᠭᠡᠪᠡ᠃ ᠡᠷᠲᠡᠨ ᠤ ᠲᠣᠷᠭᠠᠨ ᠵᠠᠮ ᠨᠢ ᠮᠠᠨ ᠤ ᠬᠤᠶᠠᠷ ᠠᠭᠤᠤ ᠶᠡᠭᠡ ᠦᠨᠳᠦᠰᠦᠲᠡᠨ ᠤ ᠨᠥᠭᠦᠷᠰᠡᠭ ᠶᠠᠪᠤᠯᠴᠠᠭ᠎ᠠ ᠪᠠ ᠰᠣᠯᠢᠯᠴᠠᠭ᠎ᠠ ᠲᠣᠯᠢᠯᠠᠯ ᠢ ᠠᠬᠢᠭᠤᠯᠪᠠ᠃ 80 ᠭᠠᠷᠤᠢ ᠵᠢᠯ ᠤᠨ ᠡᠮᠦᠨ᠎ᠡ᠂ ᠳᠤᠮᠳᠠᠳᠤ ᠺᠠᠽᠠᠬᠰᠲ᠋ᠠᠨ ᠤ ᠬᠤᠶᠠᠷ ᠬᠥᠭᠵᠢᠮᠴᠢᠨ ᠰᠢᠶᠠᠨ ᠰᠢᠩ ᠬᠠᠢ ᠪᠣᠯᠣᠨ ᠪᠠᠶᠢᠺᠠᠳᠠᠮᠤᠹ ᠠᠯᠮᠠ ᠠᠲ᠋ᠠ ᠳᠤ ᠲᠠᠨᠢᠯᠴᠠᠨ ᠣᠶᠢᠯᠠᠭᠠᠯᠴᠠᠵᠤ᠂ ᠤᠯᠤᠰ ᠤᠨ ᠬᠢᠯᠢ ᠳᠠᠪᠠᠭᠰᠠᠨ ᠠᠬ᠎ᠠ ᠳᠡᠭᠦᠦ ᠶᠢᠨ ᠨᠥᠬᠦᠷᠯᠡᠯ ᠢ ᠪᠠᠶᠢᠭᠤᠯᠪᠠ᠃ 32 ᠵᠢᠯ ᠤᠨ ᠡᠮᠦᠨ᠎ᠡ᠂ ᠳᠤᠮᠳᠠᠳᠤ ᠤᠯᠤᠰ ᠬᠠᠮᠤᠭ ᠤᠨ ᠡᠷᠲᠡ ᠺᠠᠽᠠᠬᠰᠲ᠋ᠠᠨ ᠤ ᠲᠤᠰᠠᠭᠠᠷ ᠲᠣᠭᠲᠠᠨᠢᠭᠰᠠᠨ ᠢ ᠮᠡᠳᠡᠷᠡᠭᠰᠡᠨ ᠤᠯᠤᠰ ᠤᠨ ᠨᠢᠭᠡ ᠪᠣᠯᠵᠤ᠂ ᠬᠤᠶᠠᠷ ᠤᠯᠤᠰ ᠤᠨ ᠬᠠᠷᠢᠯᠴᠠᠭ᠎ᠠ ᠲᠠᠭᠢᠨ ᠳᠠᠷᠪᠠᠭᠤᠯ ᠬᠡᠶᠢᠰᠬᠡᠨ ᠠᠶᠠᠯᠠᠯ ᠢᠶᠠᠨ ᠡᠬᠢᠯᠡᠭᠦᠯᠪᠡ᠃ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠲᠡᠦᠬᠡ ᠶᠢᠨ ᠶᠡᠭᠡ ᠬᠠᠨᠳᠤᠰᠢ ᠲᠠᠢ ᠨᠡᠶᠢᠴᠡᠵᠦ᠂ ᠴᠠᠭ ᠦᠶ᠎ᠡ ᠶᠢᠨ ᠤᠷᠤᠰᠬᠠᠯ ᠲᠠᠢ ᠨᠡᠶᠢᠴᠡᠵᠦ ᠪᠠᠶᠢᠬᠤ ᠶᠢ ᠳᠤᠮᠳᠠᠳᠤ ᠺᠠᠽᠠᠬᠰᠲ᠋ᠠᠨ ᠤ ᠨᠥᠭᠦᠷᠰᠡᠭ ᠶᠠᠪᠤᠯᠴᠠᠭᠠᠨ ᠤ ᠲᠡᠦᠬᠡ ᠭᠦᠢᠴᠡᠳ ᠭᠡᠷᠡᠴᠢᠯᠡᠪᠡ᠃      11 ᠵᠢᠯ ᠤᠨ ᠡᠮᠦᠨ᠎ᠡ᠂ ᠪᠢ ᠺᠠᠽᠠᠬᠰᠲ᠋ᠠᠨ ᠳᠤ ᠠᠩᠬ᠎ᠠ ᠤᠳᠠᠭ᠎ᠠ ︽ᠲᠣᠷᠭᠠᠨ ᠵᠠᠮ ᠤᠨ ᠠᠵᠤ ᠠᠬᠤᠢ ᠶᠢᠨ ᠪᠦᠰᠡ︾ ᠶᠢᠨ ᠰᠠᠨᠠᠭᠠᠴᠢᠯᠠᠭ᠎ᠠ ᠶᠢ ᠳᠤᠷᠠᠳᠴᠤ ᠂ ᠺᠠᠽᠠᠬᠰᠲ᠋ᠠᠨ ᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠢᠳᠡᠪᠬᠢᠲᠡᠢ ᠬᠠᠷᠢᠭᠤ ᠲᠤᠰᠬᠠᠯ ᠢ ᠣᠯᠪᠠ᠃ ᠬᠤᠶᠠᠷ ᠤᠯᠤᠰ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠠᠤᠭ᠎ᠠ ᠵᠢᠷᠤᠭ ᠡᠭᠦᠨ ᠠᠴᠠ ᠡᠬᠢᠯᠡᠵᠦ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ ᠬᠥᠭᠵᠢᠯᠲᠡ ᠰᠢᠨ᠎ᠡ ᠱᠠᠲᠤᠨ ᠳᠤ ᠣᠷᠣᠪᠠ᠃      ᠪᠢᠳᠡ ᠬᠠᠷᠢᠯᠴᠠᠨ ᠳᠡᠮᠵᠢᠯᠴᠡᠵᠦ᠂ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠤᠯᠤᠰ ᠲᠥᠷᠥ ᠶᠢᠨ ᠢᠲᠡᠭᠡᠯᠴᠡᠭᠡ ᠶᠢᠨ ᠰᠢᠨ᠎ᠡ ᠥᠨᠳᠥᠷᠴᠡ ᠶᠢ ᠨᠡᠭᠡᠭᠡᠪᠡ᠃ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠠᠶᠢᠭᠰᠠᠨ ᠠᠴᠠ ᠪᠠᠨ ᠥᠨᠢᠳᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠤᠭᠰᠠᠨ ᠦᠰᠦᠷᠦᠯᠲᠡ ᠶᠢ ᠪᠡᠶᠡᠯᠡᠭᠦᠯᠦᠭᠰᠡᠨ ᠪᠥᠭᠡᠳ ᠦᠶ᠎ᠡ ᠶᠢᠨ ᠦᠶ᠎ᠡ ᠳᠡᠭᠡᠨ ᠨᠥᠭᠦᠷᠰᠡᠭ᠂ ᠳᠡᠭᠡᠳᠦ ᠬᠡᠮᠵᠢᠶ᠎ᠡ ᠪᠠᠷ ᠢᠲᠡᠭᠡᠯᠴᠡᠬᠦ᠂ ᠵᠢᠷᠭᠠᠯ ᠵᠣᠪᠠᠯᠠᠩ ᠢᠶᠠᠨ ᠬᠠᠮᠲᠤᠳᠬᠠᠬᠤ ᠳᠤᠮᠳᠠᠳᠤ ᠺᠠᠽᠠᠬᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠬᠦᠰᠡᠯ ᠡᠷᠡᠮᠡᠯᠵᠡᠯ ᠲᠠᠢ ᠪᠣᠯᠵᠠᠢ᠃ ᠬᠤᠶᠠᠷ ᠲᠠᠯ᠎ᠠ ᠪᠠᠷ ᠢᠶᠠᠨ ᠲᠣᠰ ᠲᠣᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠢᠮᠠᠭᠲᠠ ᠡᠷᠡᠰ ᠳᠡᠮᠵᠢᠵᠦ᠂ ᠲᠣᠰ ᠤᠯᠤᠰ ᠤᠨ ᠢᠶᠠᠨ ᠪᠠᠶᠢᠳᠠᠯ ᠢ ᠦᠨᠳᠦᠰᠦᠯᠡᠨ ᠡᠵᠡᠨ ᠮᠡᠳᠡᠵᠦ ᠰᠣᠩᠭᠤᠭᠰᠠᠨ ᠬᠥᠭᠵᠢᠯᠲᠡ ᠶᠢᠨ ᠵᠠᠮ ᠢ ᠢᠮᠠᠭᠲᠠ ᠬᠦᠨᠳᠦᠳᠭᠡᠭᠰᠡᠭᠡᠷ ᠢᠷᠡᠪᠡ᠃ ᠦᠶᠡᠷ ᠤᠰᠤᠲᠤᠯ᠂ ᠬᠢᠵᠢᠭ ᠤᠨ ᠪᠠᠶᠢᠳᠠᠯ ᠵᠡᠷᠭᠡ ᠭᠠᠢ ᠭᠠᠮᠰᠢᠭ ᠲᠤ ᠲᠤᠯᠭᠠᠷᠠᠬᠤ ᠦᠶ᠎ᠡ ᠳᠤ ᠬᠠᠷᠢᠯᠴᠠᠨ ᠲᠤᠰᠠᠯᠠᠯᠴᠠᠵᠤ᠂ ᠬᠦᠴᠦᠯᠡᠨ ᠬᠠᠪᠰᠤᠷᠤᠯᠴᠠᠵᠤ᠂ ᠢᠮᠠᠭᠲᠠ ᠬᠠᠷᠢᠯᠴᠠᠨ ᠢᠲᠡᠭᠡᠯᠴᠡᠵᠦ᠂ ᠬᠠᠷᠢᠯᠴᠠᠨ ᠲᠦᠰᠢᠭᠯᠡᠯᠴᠡᠬᠦ ᠪᠠᠲᠤ ᠴᠢᠩᠭ᠎ᠠ ᠥᠮᠥᠭ ᠲᠦᠰᠢᠭ ᠪᠣᠯᠪᠠ᠃ ᠡᠨᠡ ᠬᠦ ᠡᠪᠳᠡᠷᠡᠰᠢ ᠦᠭᠡᠢ ᠪᠠᠲᠤ ᠢᠲᠡᠭᠡᠯ ᠪᠣᠯᠣᠨ ᠳᠡᠮᠵᠢᠯᠭᠡ ᠨᠢ ᠲᠦᠢᠯ ᠤᠨ ᠡᠷᠬᠢᠮ ᠨᠠᠨᠳᠢᠨ ᠪᠠᠶᠢᠵᠤ᠂ ᠳᠤᠮᠳᠠᠳᠤ ᠺᠠᠽᠠᠬᠰᠲ᠋ᠠᠨ ᠤ ᠬᠠᠮᠲᠤᠷᠠᠯᠴᠠᠭᠠᠨ ᠤ ᠬᠠᠮᠤᠭ ᠤᠨ ᠶᠡᠭᠡ ᠤᠯᠤᠰ ᠲᠦᠷᠦ ᠶᠢᠨ ᠪᠠᠲᠤᠯᠠᠭ᠎ᠠ ᠪᠣᠯᠤᠭᠰᠠᠨ ᠪᠠᠶᠢᠨ᠎ᠠ᠃      ᠪᠢᠳᠠ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠵᠦ᠂ ᠬᠠᠮᠵᠢᠯᠴᠠᠨ ᠬᠥᠭᠵᠢᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠰᠢᠨ᠎ᠡ ᠰᠢᠯᠢᠳᠡᠭ ᠠᠮᠵᠢᠯᠲᠠ ᠶᠢ ᠡᠭᠦᠳᠪᠡ᠃ ᠨᠢᠳᠤᠨᠤᠨ᠂ ᠳᠤᠮᠳᠠᠳᠤ ᠺᠠᠽᠠᠬᠰᠲ᠋ᠠᠨ ᠤ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ 410 ᠳ᠋ᠦᠩᠰᠢᠭᠤᠷ ᠳ᠋ᠣᠯᠯᠠᠷ ᠤᠨ ᠲᠡᠮᠳᠡᠭᠯᠡᠯ ᠢ ᠡᠭᠦᠳᠪᠡ᠃ ᠳᠤᠮᠳᠠᠳᠤ ᠤᠯᠤᠰ ᠺᠠᠽᠠᠬᠰᠲ᠋ᠠᠨ ᠤ ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠤᠯᠤᠰ᠂ ᠨᠢᠭᠡᠳᠦᠭᠡᠷ ᠲᠣᠮᠣ ᠭᠠᠳᠠᠭᠠᠳᠤ ᠳᠤ ᠭᠠᠷᠭᠠᠬᠤ ᠬᠠᠷᠠᠯᠲᠠᠲᠤ ᠤᠯᠤᠰ ᠪᠣᠯᠪᠠ᠃ ᠽᠨᠨᠠᠲ᠋ᠠᠰ ᠰᠠᠯᠬᠢᠨ ᠬᠦᠴᠦᠨ ᠤ ᠴᠠᠭᠢᠯᠭᠠᠨ ᠦᠷᠳᠡᠭᠡ᠂ ᠲᠦᠷᠭᠦᠰᠦᠨ ᠤᠰᠤᠨ ᠴᠠᠭᠢᠯᠭᠠᠨ ᠤ ᠦᠷᠳᠡᠭᠡ᠂ ᠴᠢᠮᠦᠺᠧᠨᠲ᠋ᠧ ᠪᠤᠯᠪᠠᠰᠤᠷᠠᠭᠤᠯᠬᠤ ᠦᠢᠯᠡᠳᠪᠦᠷᠢ ᠶᠢᠨ ᠣᠳᠣᠬᠢᠴᠢᠯᠠᠭᠰᠠᠨ ᠥᠭᠡᠷᠡᠴᠢᠯᠡᠯᠲᠡ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠦᠷᠦᠯ ᠵᠦᠢᠯ ᠤᠷᠤᠭᠰᠢᠲᠠᠢ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠳᠤᠮᠳᠠᠳᠤ ᠺᠠᠽᠠᠬᠰᠲ᠋ᠠᠨ ᠤ ᠲᠦᠭᠦᠬᠡᠢ ᠴᠢᠯᠠᠭᠤᠨ ᠲᠤᠰᠤᠨ ᠤ ᠬᠤᠭᠤᠯᠠᠢ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠠᠮᠤᠷ ᠲᠦᠪᠰᠢᠨ ᠲᠣᠭᠲᠠᠭᠤᠨ ᠢᠶᠠᠷ ᠡᠵᠡᠩᠨᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠲᠦᠷᠭᠡᠨ ᠢᠶᠠᠷ ᠪᠣᠭᠤᠮᠲᠠ ᠥᠩᠭᠡᠷᠡᠬᠦ ︽ᠰᠠᠭᠠᠳ ᠦᠭᠡᠢ ᠨᠡᠪᠲᠡᠷᠡᠬᠦ ᠵᠠᠮ︾ ᠢ ᠪᠦᠭᠦᠨ ᠢ ᠪᠦᠷᠬᠦᠭᠦᠯᠬᠦ ᠶᠢ ᠪᠡᠶᠡᠯᠡᠭᠦᠯᠵᠦ᠂ ᠺᠠᠽᠠᠬᠰᠲ᠋ᠠᠨ ᠤ ᠨᠡᠩ ᠤᠯᠠᠨ ᠴᠢᠨᠠᠷ ᠰᠠᠶᠢᠲᠠᠢ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ ᠲᠦᠭ ᠲᠦᠮᠡᠨ ᠠᠶᠢᠯ ᠡᠷᠦᠭᠡ ᠳᠤ ᠣᠷᠣᠵᠤ ᠢᠷᠡᠬᠦ ᠪᠣᠯᠪᠠ᠃ ᠬᠤᠶᠠᠷ ᠤᠯᠤᠰ ᠤᠨ ᠰᠢᠨ᠎ᠡ ᠡᠨᠧᠷᠭᠢ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠳᠠᠯᠳᠠ ᠬᠦᠴᠦᠨ ᠲᠠᠰᠤᠷᠠᠯᠲᠠ ᠦᠭᠡᠢ ᠨᠡᠮᠡᠭᠳᠡᠵᠦ᠂ ᠰᠢ ᠠᠨ ᠤ ᠡᠬᠡ ᠬᠠᠭᠤᠷᠠᠢ ᠶᠢᠨ ᠭᠠᠷᠠᠮ ᠪᠠᠶᠢᠭᠤᠯᠤᠭᠳᠠᠵᠤ ᠠᠰᠢᠭᠯᠠᠯᠲᠠ ᠳᠤ ᠣᠷᠣᠵᠤ᠂ ᠪᠠᠷᠠᠭᠤᠨ ᠡᠸᠦ᠋ᠷᠦᠫᠡ — ᠤᠷᠤᠰ — ᠺᠠᠽᠠᠬᠰᠲ᠋ᠠᠨ — ᠲᠤᠮᠳᠠᠳᠤ ᠤᠯᠤᠰ ᠤᠨ ᠪᠠᠷᠠᠭᠤᠨ ᠣᠷᠣᠨ ᠤ ᠵᠠᠰᠠᠮᠠᠯ ᠵᠠᠮ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠰᠠᠭᠠᠳ ᠦᠭᠡᠢ ᠨᠡᠪᠲᠡᠷᠡᠵᠦ᠂ ᠬᠤᠶᠠᠷ ᠤᠯᠤᠰ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠴᠢᠳᠠᠪᠤᠷᠢ ᠨᠡᠮᠡᠷᠢᠯᠡᠪᠡ᠃      ᠪᠢᠳᠡ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠵᠤ᠂ ᠰᠣᠶᠣᠯ ᠢᠷᠭᠡᠨᠰᠢᠯ ᠤᠨ ᠰᠣᠯᠢᠯᠴᠠᠭᠠᠨ ᠤ ᠰᠢᠨ᠎ᠡ ᠥᠷᠨᠢᠯᠲᠡ ᠭᠠᠷᠭᠠᠪᠠ᠃ ᠳᠤᠮᠳᠠᠳᠤ ᠺᠠᠽᠠᠬᠰᠲ᠋ᠠᠨ ᠬᠠᠷᠢᠯᠴᠠᠨ ᠰᠣᠶᠣᠯ ᠤᠨ ᠲᠥᠪ ᠪᠠᠶᠢᠭᠤᠯᠬᠤ ᠬᠡᠯᠡᠯᠴᠡᠭᠡᠷ ᠲᠤ ᠠᠮᠵᠢᠯᠲᠠ ᠲᠠᠢ ᠪᠠᠷ ᠭᠠᠷ ᠤᠨ ᠦᠰᠦᠭ ᠵᠢᠷᠤᠵᠤ᠂ ︽ᠬᠥᠭᠵᠢᠮᠴᠢᠨ︾ ᠭᠡᠬᠦ ᠺᠢᠨᠣ᠋ ᠶᠢ ᠠᠩᠬ᠎ᠠ ᠤᠳᠠᠭ᠎ᠠ ᠬᠠᠮᠲᠤᠷᠠᠨ ᠰᠡᠭᠦᠳᠡᠷᠯᠡᠵᠡᠢ᠃ ᠳᠤᠮᠳᠠᠳᠤ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠺᠠᠽᠠᠬᠰᠲ᠋ᠠᠨ ᠳᠠᠬᠢ ᠬᠤᠪᠢᠶᠠᠷᠢ ᠰᠤᠷᠭᠠᠭᠤᠯᠢ᠂ ᠯᠦ ᠪᠠᠨ ᠦᠢᠯᠡᠳᠬᠡᠯ ᠤᠨ ᠭᠠᠵᠠᠷ᠂ ᠳᠤᠮᠳᠠᠳᠤ ᠤᠯᠤᠰ ᠤᠨ ᠤᠯᠠᠮᠵᠢᠯᠠᠯᠲᠤ ᠠᠨᠠᠭᠠᠬᠤ ᠤᠬᠠᠭᠠᠨ ᠤ ᠲᠥᠪ ᠵᠡᠷᠭᠡ ᠰᠣᠶᠣᠯ ᠢᠷᠭᠡᠨᠰᠢᠯ ᠤᠨ ᠬᠠᠮᠲᠤᠷᠠᠯᠴᠠᠭᠠᠨ ᠤ ᠲᠦᠷᠦᠯ ᠵᠦᠢᠯ ᠦᠯᠦ ᠪᠠᠶᠢᠭᠰᠠᠨ ᠠᠴᠠ ᠪᠠᠨ ᠪᠠᠶᠢᠬᠤ ᠪᠣᠯᠵᠤ᠂ ᠪᠠᠶᠢᠭᠰᠠᠨ ᠠᠴᠠ ᠪᠠᠨ ᠤᠯᠠᠮ ᠰᠢᠯᠢᠳᠡᠭ ᠪᠣᠯᠵᠠᠢ᠃ ᠬᠠᠷᠢᠯᠴᠠᠨ ᠦᠯᠤ ᠸᠢᠰᠠᠯᠠᠬᠤ ᠨᠢ ᠬᠤᠶᠠᠷ ᠤᠯᠤᠰ ᠤᠨ ᠠᠷᠠᠳ ᠲᠦᠮᠡᠨ ᠤ ᠰᠠᠳᠤᠨ ᠲᠥᠷᠥᠯ ᠰᠢᠭ ᠦᠷᠭᠦᠯᠵᠢ ᠶᠠᠪᠤᠯᠴᠠᠬᠤ ᠶᠢ ᠪᠡᠶᠡᠯᠡᠭᠦᠯᠵᠦ᠂ ᠨᠢᠳᠤᠨᠤᠨ ᠬᠤᠶᠠᠷ ᠤᠯᠤᠰ ᠤᠨ ᠬᠥᠮᠥᠰ ᠤᠨ ᠶᠠᠪᠤᠯᠴᠠᠭ᠎ᠠ 60 ᠲᠦᠮᠡ ᠰᠢᠬᠠᠮ ᠬᠥᠮᠥᠨ ᠤᠳᠠᠭ᠎ᠠ ᠳᠤ ᠬᠦᠷᠴᠦ᠂ ᠡᠨᠡ ᠵᠢᠯ ᠤᠨ ᠲᠦᠷᠦᠭᠦᠦ 3 ᠰᠠᠷ᠎ᠠ ᠳᠤ ᠨᠢᠭᠡᠨᠲᠡ 20 ᠲᠦᠮᠡᠨ ᠬᠥᠮᠥᠨ ᠤᠳᠠᠭ᠎ᠠ ᠶᠢ ᠳᠠᠪᠠᠵᠤ᠂ ᠳᠠᠬᠢᠨᠲᠠ ᠰᠢᠨ᠎ᠡ ᠲᠡᠮᠳᠡᠭᠯᠡᠯ ᠢ ᠡᠭᠦᠳᠬᠦ ᠪᠣᠯᠣᠮᠵᠢ ᠲᠠᠢ ᠪᠣᠯᠪᠠ᠃ ᠣᠷᠣᠨ ᠨᠤᠲᠤᠭ ᠤᠨ ᠬᠠᠮᠲᠤᠷᠠᠯᠴᠠᠭ᠎ᠠ ᠥᠷᠨᠢᠨ ᠬᠥᠭᠵᠢᠵᠦ᠂ ᠨᠥᠭᠦᠷᠰᠡᠭ ᠮᠤᠵᠢ ᠵᠧᠦ ᠬᠤᠳᠠ 26 ᠬᠤᠣᠰ ᠪᠣᠯᠣᠨ ᠨᠡᠮᠡᠭᠳᠡᠪᠡ᠃ ᠳᠤᠮᠳᠠᠳᠤ ᠤᠯᠤᠰ ᠤᠨ ᠡᠪᠡᠳᠴᠢᠲᠡᠨ ᠤ ᠥᠷᠭᠡᠨ ᠳᠡᠯᠭᠡᠷ ᠬᠠᠶᠢᠷ᠎ᠠ ᠬᠦᠨᠳᠦᠳᠬᠡᠯ ᠢ ᠣᠯᠣᠭᠰᠠᠨ ᠨᠢᠳᠦᠨ ᠤ ᠰᠠᠯᠠᠭᠠᠨ ᠤ ᠲᠤᠰᠬᠠᠢ ᠮᠡᠷᠭᠡᠵᠢᠯᠲᠡᠨ ᠺᠠᠫᠧᠶᠢᠯᠠᠪᠢᠶᠧᠺᠧᠹ᠂ ︽ᠮᠠᠯᠤᠷ ᠥᠲᠡᠭᠡ ᠵᠢᠷᠤᠮᠲᠤ ᠪᠠᠭᠠᠲᠤᠷ︾ ᠬᠡᠮᠡᠭᠳᠡᠭᠰᠡᠨ ᠢᠷᠠᠭᠤ ᠠᠯᠳᠠᠷ ᠲᠠᠢ ᠴᠢᠰᠤ ᠪᠠᠨ ᠬᠠᠨᠳᠢᠪᠯᠡᠭ᠌ᠰᠠᠨ ᠰᠠᠶᠢᠨ ᠳᠤᠷᠠᠴᠢᠨ ᠯᠦᠰᠯᠠᠨ᠂ ᠶᠡᠭᠡ ᠮᠥᠷᠡᠨ ᠤ ᠡᠮᠦᠨ᠎ᠡ ᠤᠮᠠᠷ᠎ᠠ ᠶᠢ ᠳᠣᠩᠰᠣᠯᠭᠠᠭᠰᠠᠨ ᠺᠠᠽᠠᠬᠰᠲ᠋ᠠᠨ ᠤ ᠳᠠᠭᠤᠴᠢᠨ ᠳ᠋ᠢᠮᠠᠰᠢ ᠵᠡᠷᠭᠡ ᠨᠢ ᠰᠢᠨ᠎ᠡ ᠴᠠᠭ ᠦᠶ᠎ᠡ ᠶᠢᠨ ᠳᠤᠮᠳᠠᠳᠤ ᠺᠠᠽᠠᠬᠰᠲ᠋ᠠᠨ ᠤ ᠨᠥᠬᠦᠷᠯᠡᠯ ᠤᠨ ᠡᠯᠴᠢ ᠪᠣᠯᠤᠭᠰᠠᠨ ᠪᠠᠶᠢᠨ᠎ᠠ᠃      ᠪᠢᠳᠡ ᠪᠦᠯᠬᠦᠮᠳᠡᠨ ᠬᠠᠮᠵᠢᠯᠴᠠᠵᠤ᠂ ᠥᠷᠢᠰᠦᠯᠳᠦᠭᠡᠨ ᠢ ᠬᠠᠮᠲᠤ ᠪᠠᠷ ᠤᠭᠲᠤᠵᠤ᠂ ᠤᠯᠠᠨ ᠤᠯᠤᠰ ᠤᠨ ᠬᠠᠮᠵᠢᠯᠴᠠᠭᠠᠨ ᠤ ᠰᠢᠨ᠎ᠡ ᠪᠣᠳᠠᠲᠤ ᠦᠷ᠎ᠡ ᠪᠦᠲᠦᠮᠵᠢ ᠶᠢ ᠣᠯᠪᠠ᠃ ᠳᠤᠮᠳᠠᠳᠤ ᠺᠠᠽᠠᠬᠰᠲ᠋ᠠᠨ ᠤ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠵᠣᠭᠰᠣᠯᠲᠠ ᠠᠳᠠᠯᠢᠪᠲᠤᠷ᠂ ᠪᠦᠷ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ ᠦᠢᠯᠡᠳᠦᠯᠭᠡᠵᠢᠭᠦᠯᠬᠦ ᠶᠢ ᠰᠠᠨᠠᠭᠠᠴᠢᠯᠠᠵᠤ᠂ ᠪᠦᠷ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠭᠴᠢ᠂ ᠪᠦᠭᠦ ᠪᠥᠮᠪᠥᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠤᠯᠬᠤ ᠪᠠᠷ ᠴᠢᠷᠮᠠᠶᠢᠵᠤ ᠪᠠᠶᠢᠨ᠎ᠠ᠃ ᠪᠢᠳᠡ ᠳᠤᠮᠳᠠᠳᠤ ᠤᠯᠤᠰ — ᠳᠤᠮᠳᠠᠳᠤ ᠠᠽᠢᠶ᠎ᠠ ᠶᠢᠨ ᠲᠣᠭᠲᠠᠴᠠ ᠶᠢ ᠬᠠᠮᠲᠤ ᠪᠠᠷ ᠡᠭᠦᠳᠦᠨ ᠪᠠᠶᠢᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠽᠢᠶ᠎ᠠ ᠲᠢᠪ ᠤᠨ ᠬᠠᠷᠢᠯᠴᠠᠨ ᠬᠠᠮᠵᠢᠯᠴᠠᠬᠤ ᠪᠠ ᠢᠲᠡᠭᠡᠯᠴᠡᠬᠦ ᠠᠷᠭ᠎ᠠ ᠬᠡᠮᠵᠢᠶᠡᠨ ᠤ ᠬᠤᠷᠠᠯ ᠵᠡᠷᠭᠡ ᠤᠯᠠᠨ ᠲᠠᠯᠠᠲᠤ ᠵᠣᠬᠢᠶᠠᠨ ᠪᠠᠶᠢᠭᠤᠯᠤᠯᠲᠠ ᠶᠢᠨ ᠪᠣᠷᠣ ᠲᠥᠯᠥᠪ ᠤᠨ ᠳᠣᠲᠣᠷ᠎ᠠ ᠨᠢᠭᠲᠠ ᠵᠣᠬᠢᠴᠠᠭᠤᠯᠤᠨ ᠬᠠᠮᠵᠢᠯᠴᠠᠵᠤ᠂ ᠬᠠᠷᠢᠯᠴᠠᠨ ᠳᠤᠷᠠᠳᠤᠭᠰᠠᠨ ᠪᠦᠲᠦᠭᠡᠯᠴᠢ ᠴᠢᠨᠠᠷᠲᠠᠢ ᠤᠯᠠᠨ ᠤᠯᠤᠰ ᠤᠨ ᠬᠠᠮᠲᠤᠷᠠᠯᠴᠠᠭᠠᠨ ᠤ ᠰᠠᠨᠠᠭᠠᠴᠢᠯᠠᠭ᠎ᠠ ᠶᠢ ᠢᠳᠡᠪᠬᠢᠲᠡᠢ ᠳᠡᠮᠵᠢᠵᠦ᠂ ᠬᠤᠶᠠᠷ ᠤᠯᠤᠰ ᠤᠨ ᠬᠠᠮᠲᠤ ᠶᠢᠨ ᠪᠠᠶᠢᠯᠳᠤᠬᠤ ᠪᠣᠳᠣᠯᠭ᠎ᠠ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠪᠠ᠃      ᠢᠷᠡᠭᠡᠳᠦᠢ ᠶᠢ ᠪᠠᠷᠠᠯᠠᠬᠤᠶ᠎ᠠ᠂ ᠳᠤᠮᠳᠠᠳᠤ ᠺᠠᠽᠠᠬᠰᠲ᠋ᠠᠨ ᠤ ᠬᠠᠮᠲᠤᠷᠠᠯᠴᠠᠭ᠎ᠠ ᠶᠡᠭᠡ ᠡᠷᠡᠮᠡᠯᠵᠡᠯ ᠲᠠᠢ ᠪᠥᠭᠡᠳ ᠯᠠᠪᠲᠠᠢ ᠶᠡᠭᠡ ᠦᠢᠯᠡᠰ ᠪᠦᠲᠦᠭᠡᠵᠦ ᠴᠢᠳᠠᠨ᠎ᠠ᠃ ᠪᠢ ᠡᠨᠡ ᠤᠳᠠᠭ᠎ᠠ ᠶᠢᠨ ᠠᠶᠢᠯᠴᠢᠯᠠᠯᠲᠠ ᠪᠠᠷ ᠲᠠᠮᠵᠢᠨ ᠶᠡᠷᠦᠩᠬᠡᠶᠢᠯᠡᠭᠴᠢ ᠲᠦᠸᠧᠺᠠᠶᠧᠹ ᠯᠦᠭᠡ ᠬᠠᠮᠲᠤ ᠪᠠᠷ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ ᠢᠷᠡᠭᠡᠳᠦᠢ ᠳᠤ ᠰᠢᠨ᠎ᠡ ᠪᠠᠶᠢᠷᠢᠯᠠᠭᠤᠯᠤᠯᠲᠠ ᠰᠢᠨ᠎ᠡ ᠲᠥᠯᠦᠪᠵᠢᠭᠦᠯᠭᠡ ᠬᠢᠵᠦ᠂ ᠳᠤᠮᠳᠠᠳᠤ ᠺᠠᠽᠠᠬᠰᠲ᠋ᠠᠨ ᠤ ᠡᠭᠦᠷᠢᠳᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃      ᠨᠢᠭᠡ ᠳᠤ᠂ ᠬᠠᠷᠢᠯᠴᠠᠨ ᠳᠡᠮᠵᠢᠬᠦ ᠤᠯᠤᠰ ᠲᠥᠷᠥ ᠶᠢᠨ ᠤᠯᠠᠮᠵᠢᠯᠠᠯ ᠢᠶᠠᠨ ᠪᠠᠬᠢᠵᠢᠭᠦᠯᠦᠶ᠎ᠡ᠃ ︽ᠨᠠᠶᠢᠵᠠᠯᠠᠪᠠᠯ ᠬᠡᠯᠡᠭᠰᠡᠨ ᠳᠡᠭᠡᠨ ᠬᠦᠷᠬᠦ ᠬᠡᠷᠡᠭᠲᠡᠢ︾᠃ ᠳᠤᠮᠳᠠᠳᠤ ᠤᠯᠤᠰ ᠦᠷᠭᠦᠯᠵᠢᠯᠡᠨ ᠺᠠᠽᠠᠬᠰᠲ᠋ᠠᠨ ᠤ ᠬᠢᠨ ᠲᠠᠢ ᠦᠨᠡᠨᠴᠢ ᠪᠠᠷ ᠬᠠᠨᠳᠤᠵᠤ᠂ ᠢᠲᠡᠭᠡᠯ ᠲᠠᠢ ᠬᠠᠷᠢᠯᠴᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠦᠷᠭᠦᠯᠵᠢᠯᠡᠨ ᠪᠠᠬᠢᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠨ᠎ᠡ᠃ ᠳᠤᠮᠳᠠᠳᠤ ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ ᠺᠠᠽᠠᠬᠰᠲ᠋ᠠᠨ ᠤ ᠬᠢᠨ ᠤ ᠤᠯᠤᠰ ᠤᠨ ᠲᠤᠰᠠᠭᠠᠷ ᠲᠣᠭᠲᠠᠨᠢᠯ᠂ ᠡᠷᠬᠡ ᠮᠡᠳᠡᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ ᠲᠡᠮᠵᠢᠵᠥ᠂ ᠺᠠᠽᠠᠬᠰᠲ᠋ᠠᠨ ᠤ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠲᠡᠮᠵᠢᠵᠥ᠂ ᠺᠠᠽᠠᠬᠰᠲ᠋ᠠᠨ ᠤ ᠬᠢᠨ ᠤ ᠤᠯᠤᠰ ᠤᠨ ᠬᠥᠭᠵᠢᠯ ᠴᠡᠴᠡᠭᠯᠡᠯ ᠳᠤ ᠬᠠᠨᠳᠤᠭᠤᠯᠤᠨ ᠠᠪᠤᠭᠰᠠᠨ ᠡᠯ᠎ᠡ ᠵᠦᠢᠯ ᠤᠨ ᠳᠣᠲᠣᠭᠠᠳᠤ ᠭᠠᠳᠠᠭᠠᠳᠤ ᠲᠦᠷᠦ ᠶᠢᠨ ᠪᠣᠳᠣᠯᠭ᠎ᠠ ᠶᠢ ᠲᠡᠮᠵᠢᠵᠥ᠂ ᠶᠠᠮᠠᠷᠪᠠ ᠭᠠᠳᠠᠭᠠᠳᠤ ᠶᠢᠨ ᠬᠦᠴᠦᠨ ᠤ ᠺᠠᠽᠠᠬᠰᠲ᠋ᠠᠨ ᠤ ᠳᠣᠲᠣᠭᠠᠳᠤ ᠵᠠᠰᠠᠭ ᠲᠤ ᠭᠠᠷ ᠲᠦᠷᠦᠭᠦ ᠶᠢ ᠡᠰᠡᠷᠭᠦᠴᠡᠨ᠎ᠡ᠃ ᠪᠢᠳᠡ ᠬᠠᠷᠢᠯᠴᠠᠨ ᠬᠦᠨᠳᠦᠳᠬᠡᠬᠦ ᠂ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠡᠨᠡ ᠬᠦ 4 ᠬᠠᠮᠲᠤᠷᠠᠯᠴᠠᠭᠠᠨ ᠤ ᠡᠷᠳᠡᠨᠢ ᠶᠢ ᠰᠠᠶᠢᠲᠤᠷ ᠤᠯᠠᠮᠵᠢᠯᠠᠨ ᠪᠠᠳᠠᠷᠠᠭᠤᠯᠵᠤ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠶ᠎ᠠ᠃      ᠬᠤᠶᠠᠷ ᠲᠤ᠂ ᠬᠠᠷᠢᠯᠴᠠᠨ ᠠᠰᠢᠭᠲᠠᠢ ᠪᠠᠶᠢᠵᠤ ᠬᠠᠮᠲᠤ ᠪᠠᠷ ᠠᠰᠢᠭ ᠭᠦᠷᠳᠡᠭᠦ ᠬᠠᠮᠲᠤᠷᠠᠯᠴᠠᠭᠠᠨ ᠤ ᠰᠠᠶᠢᠨ ᠠᠷᠭ᠎ᠠ ᠶᠢ ᠰᠠᠶᠢᠲᠤᠷ ᠬᠡᠷᠡᠭᠯᠡᠶ᠎ᠡ᠃ ᠳᠤᠮᠳᠠᠳᠤ ᠺᠠᠽᠠᠬᠰᠲ᠋ᠠᠨ ᠤ ᠡᠬᠢ ᠪᠠᠶᠠᠯᠢᠭ ᠤᠨ ᠳᠠᠪᠠᠭᠤᠯᠢᠭ ᠠᠳᠠᠯᠢ ᠪᠤᠰᠤ᠂ ᠠᠵᠤ ᠠᠬᠤᠢ ᠠᠵᠤ ᠦᠢᠯᠡᠰ ᠲᠤᠰ ᠲᠤᠰ ᠤᠨ ᠢᠶᠠᠨ ᠣᠨᠴᠠᠯᠢᠭ ᠲᠠᠢ᠂ ᠬᠠᠷᠢᠯᠴᠠᠨ ᠨᠥᠬᠦᠪᠦᠷᠢᠯᠡᠬᠦ ᠳᠠᠪᠠᠭᠤᠯᠢᠭ ᠢᠯᠡᠷᠬᠡᠢ᠂ ᠬᠠᠮᠲᠤᠷᠠᠯᠴᠠᠭᠠᠨ ᠤ ᠲᠠᠯᠳᠠ ᠬᠦᠴᠦᠨ ᠯᠤᠲᠤ ᠶᠡᠭᠡ ᠶᠤᠮ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ︽ᠲᠥᠪ ᠭᠤᠣᠯᠴᠢ ᠺᠠᠽᠠᠬᠰᠲ᠋ᠠᠨ︾ ᠤ ᠠᠵᠤ ᠠᠬᠤᠢ ᠶᠢᠨ ᠲᠦᠷᠦ ᠶᠢᠨ ᠪᠣᠳᠣᠯᠭ᠎ᠠ ᠲᠠᠢ ᠭᠦᠨᠵᠡᠭᠡᠢ ᠵᠣᠯᠭᠠᠭᠤᠯᠬᠤ ᠶᠢ ᠲᠦᠷᠭᠡᠳᠬᠡᠨ ᠠᠬᠢᠭᠤᠯᠵᠤ᠂ ᠺᠠᠽᠠᠬᠰᠲ᠋ᠠᠨ ᠤ ᠲᠠᠯ᠎ᠠ ᠳᠤ ᠳᠤᠮᠳᠠᠳᠤ ᠤᠯᠤᠰ ᠤᠨ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠢ ᠴᠢᠨᠠᠭᠰᠢᠳᠠ ᠨᠡᠭᠡᠭᠡᠵᠦ᠂ ᠳᠤᠮᠳᠠᠳᠤ ᠤᠯᠤᠰ ᠤᠨ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠨ᠎ᠡ᠃ ᠪᠢᠳᠡ ᠠᠵᠤ ᠠᠬᠤᠢ ᠠᠷᠠᠯᠵᠢᠶ᠎ᠠ᠂ ᠦᠢᠯᠡᠳᠪᠦᠷᠢᠯᠡᠯ ᠤᠨ ᠴᠢᠳᠠᠪᠤᠷᠢ᠂ ᠪᠡᠯᠡ ᠣᠷᠣᠭᠤᠯᠤᠯᠲᠠ᠂ ᠡᠨᠧᠷᠭᠢ ᠠᠭᠤᠷᠬᠠᠢ ᠶᠢᠨ ᠭᠠᠷᠤᠯᠲᠠ᠂ ᠬᠥᠳᠡᠭᠡ ᠠᠵᠤ ᠠᠬᠤᠢ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠢᠨᠠᠷ ᠰᠠᠶᠢᠲᠠᠢ ᠠᠵᠢᠯᠯᠠᠭᠠᠨ ᠪᠣᠯᠣᠨ ᠺᠠᠰᠫᠢ ᠲᠠᠩᠭᠢᠰ ᠢ ᠰᠤᠨᠳᠠᠯᠠᠭᠰᠠᠨ ᠤᠯᠠᠨ ᠤᠯᠤᠰ ᠤᠨ ᠲᠡᠭᠡᠭᠡᠪᠦᠷᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠣᠰᠤᠭ᠎ᠠ ᠴᠣᠭᠴᠠᠲᠤ ᠤᠯᠠᠨ ᠡᠰᠢᠵᠢᠭᠰᠡᠨ ᠥᠨᠳᠥᠷ ᠪᠦᠲᠦᠮᠵᠢᠲᠡᠢ ᠬᠤᠯᠪᠣᠯᠳᠤᠨ ᠨᠡᠪᠲᠡᠷᠡᠯᠴᠡᠬᠦ ᠪᠠᠶᠢᠷᠢᠰᠢᠯ ᠢ ᠲᠡᠭᠦᠯᠳᠡᠷᠵᠢᠭᠦᠯᠦᠨ᠎ᠡ᠃ ᠰᠢᠨ᠎ᠡ ᠡᠨᠧᠷᠭᠢ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ᠂ ᠬᠢᠯᠢ ᠠᠯᠤᠰᠯᠠᠭᠰᠠᠨ  ᠡᠯᠧᠺᠲᠷᠣᠨ ᠬᠤᠳᠠᠯᠳᠤᠭ᠎ᠠ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠵᠡᠷᠭᠡ ᠳᠡᠭᠡᠳᠦ ᠮᠡᠷᠭᠡᠵᠢᠯ ᠤᠨ ᠬᠦᠷᠢᠶᠡᠨ ᠤ ᠬᠠᠮᠲᠤᠷᠠᠯᠴᠠᠭᠠᠨ ᠤ ᠳᠠᠯᠳᠠ ᠬᠦᠴᠦᠨ ᠢ ᠭᠦᠢᠴᠡᠳ ᠠᠭᠤᠳᠠᠯᠵᠤ᠂ ᠥᠨᠳᠥᠷ ᠨᠡᠮᠡᠯᠲᠡ ᠥᠷᠲᠡᠭᠲᠦ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠴᠣᠭᠴᠠᠯᠠᠵᠤ᠂ ᠬᠤᠶᠠᠷ ᠤᠯᠤᠰ ᠤᠨ ᠬᠠᠮᠲᠤᠷᠠᠯᠴᠠᠭ᠎ᠠ ᠳᠤ ᠨᠠᠩ ᠣᠯᠠᠨ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠶ᠎ᠡ᠃      ᠭᠤᠷᠪᠠ ᠳᠤ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ᠃ ᠳᠤᠮᠳᠠᠳᠤ ᠺᠠᠽᠠᠬᠰᠲ᠋ᠠᠨ ᠤ ᠨᠥᠬᠦᠷᠯᠡᠯ ᠢ ᠭᠦᠨᠵᠡᠭᠡᠶᠢᠷᠡᠭᠦᠯᠬᠦ ᠪᠣᠯ ᠬᠤᠶᠠᠷ ᠤᠯᠤᠰ ᠤᠨ ᠠᠷᠠᠳ ᠤᠨ ᠰᠡᠳᠬᠢᠯ ᠤᠨ ᠬᠠᠨᠳᠤᠰᠢ᠂ ᠠᠷᠠᠳ ᠤᠨ ᠬᠦᠰᠡᠯ ᠡᠷᠡᠮᠡᠯᠵᠡᠯ ᠮᠥᠨ᠃ ᠪᠢᠳᠡ ᠡᠨᠡ ᠬᠦ ᠨᠥᠭᠦᠷᠰᠡᠭ ᠬᠠᠶᠢᠷ᠎ᠠ ᠰᠡᠳᠬᠢᠯᠭᠡ ᠪᠠᠨ ᠰᠠᠶᠢᠲᠤᠷ ᠤᠯᠠᠮᠵᠢᠯᠠᠨ ᠵᠠᠯᠭᠠᠮᠵᠢᠯᠠᠵᠤ᠂ ᠪᠠᠶᠠᠯᠢᠭ ᠰᠠᠶᠢᠬᠠᠨ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ ᠴᠢᠨᠠᠭᠰᠢᠳᠠ ᠠᠬᠢᠭᠤᠯᠤᠨ᠎ᠠ᠃ ᠯᠦ ᠪᠠᠨ ᠦᠢᠯᠡᠳᠬᠡᠯ ᠤᠨ ᠭᠠᠵᠠᠷ᠂ ᠺᠦᠩᠽᠢ ᠳᠡᠭᠡᠳᠦ ᠰᠤᠷᠭᠠᠭᠤᠯᠢ᠂ ᠪᠠᠷᠠᠭᠤᠨ ᠬᠤᠶᠢᠲᠤ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠺᠠᠽᠠᠬᠰᠲ᠋ᠠᠨ ᠤ ᠬᠤᠪᠢᠶᠠᠷᠢ ᠰᠤᠷᠭᠠᠭᠤᠯᠢ ᠶᠢ ᠬᠠᠮᠲᠤ ᠪᠠᠷ ᠰᠠᠶᠢᠲᠤᠷ ᠡᠷᠭᠢᠯᠡᠵᠦ᠂ ᠳᠤᠮᠳᠠᠳᠤ ᠺᠠᠽᠠᠬᠰᠲ᠋ᠠᠨ ᠤ ᠨᠥᠭᠦᠷᠰᠡᠭ ᠦᠢᠯᠡᠰ ᠤᠨ ᠨᠡᠩ ᠤᠯᠠᠨ ᠵᠠᠯᠭᠠᠮᠵᠢᠯᠠᠭᠴᠢ ᠶᠢ ᠬᠥᠮᠥᠵᠢᠭᠦᠯᠦᠶ᠎ᠡ᠃ ᠬᠤᠶᠠᠷ ᠤᠯᠤᠰ ᠤᠨ ᠶᠡᠭᠡ ᠳᠡᠭᠡᠳᠦ ᠰᠤᠷᠭᠠᠭᠤᠯᠢ᠂ ᠤᠶᠤᠨ ᠤ ᠬᠥᠮᠥᠷᠭᠡ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠨ ᠰᠤᠷᠭᠠᠭᠤᠯᠢ ᠡᠷᠭᠢᠯᠡᠭᠦ᠂ ᠬᠠᠮᠲᠤᠷᠠᠨ ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠬᠦ ᠶᠢ ᠪᠠᠶᠠᠷᠯᠠᠨ ᠤᠭᠲᠤᠵᠤ᠂ ᠬᠤᠶᠠᠷ ᠤᠯᠤᠰ ᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠣᠯᠢᠯᠴᠠᠭ᠎ᠠ ᠪᠠᠨ ᠨᠡᠮᠡᠭᠳᠡᠭᠦᠯᠬᠦ ᠶᠢ ᠳᠡᠮᠵᠢᠵᠦ᠂ ᠬᠤᠶᠠᠷ ᠤᠯᠤᠰ ᠤᠨ ᠨᠡᠩ ᠤᠯᠠᠨ ᠭᠠᠵᠠᠷ ᠣᠷᠣᠨ ᠤ ᠮᠤᠵᠢ ᠵᠧᠦ ᠬᠤᠲᠠ ᠶᠢᠨ ᠬᠢᠨ ᠰᠠᠶᠢᠲᠤᠷ ᠪᠦᠯᠬᠦᠮᠳᠡᠵᠦ᠂ ᠰᠤᠷᠭᠠᠨ ᠬᠥᠮᠦᠵᠢᠯ᠂ ᠵᠢᠭᠤᠯᠴᠢᠯᠠᠯ᠂ ᠬᠠᠭᠤᠴᠢ ᠰᠤᠳᠤᠯᠤᠯ᠂ ᠤᠷᠠᠯᠢᠭ᠂ ᠵᠠᠭᠤᠴᠢᠯᠠᠭᠤᠷ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢᠨ ᠭᠦᠨᠴᠡ ᠪᠠ ᠥᠷᠭᠡᠴᠡ ᠪᠠᠨ ᠥᠷᠭᠡᠳᠬᠡᠬᠦ ᠶᠢ ᠵᠣᠷᠢᠭᠵᠢᠭᠤᠯᠤᠶ᠎ᠠ᠃      ᠳᠥᠷᠪᠡ ᠳᠤ᠂ ᠲᠦᠷᠭᠡᠨ ᠤᠯᠠᠷᠢᠨ ᠬᠤᠪᠢᠰᠬᠤ ᠵᠠᠭᠤᠨ ᠵᠢᠯ ᠤᠨ ᠬᠤᠪᠢᠰᠤᠯᠲᠠ ᠲᠠᠢ ᠵᠣᠬᠢᠴᠠᠶ᠎ᠠ᠃ ᠳᠡᠯᠡᠬᠡᠢ ᠶᠢᠨ ᠪᠠᠶᠢᠳᠠᠯ ᠡᠭᠡᠳᠡᠷᠡᠭᠡᠨ ᠪᠤᠳᠤᠯᠢᠶᠠᠨᠲᠠᠢ ᠪᠣᠯᠵᠤ᠂ ᠳᠤᠮᠳᠠᠳᠤ ᠺᠠᠽᠠᠬᠰᠲ᠋ᠠᠨ ᠤ ᠪᠦᠭᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠰᠢᠨ᠎ᠡ ᠰᠦᠷᠳᠡᠭᠦᠯᠦᠯ ᠰᠢᠨ᠎ᠡ ᠥᠷᠢᠰᠦᠯᠳᠦᠭᠡᠨ ᠳᠤ ᠲᠤᠯᠭᠠᠷᠠᠵᠤ ᠪᠠᠶᠢᠬᠤ ᠪᠠᠷ ᠪᠠᠷᠠᠬᠤ ᠦᠭᠡᠢ ᠪᠠᠰᠠ ᠰᠢᠨ᠎ᠡ ᠠᠵᠠ ᠲᠣᠭᠢᠶᠠᠯ ᠰᠢᠨ᠎ᠡ ᠣᠷᠣᠨ ᠵᠠᠢ ᠶᠢ ᠤᠭᠲᠤᠨ ᠠᠪᠴᠢᠷᠠᠪᠠ᠃ ᠳᠤᠮᠳᠠᠳᠤᠴᠤᠳ ᠠᠶᠤᠯ ᠲᠦᠭᠰᠢᠭᠦᠷᠢ ᠪᠣᠯᠣᠨ ᠠᠵᠠ ᠲᠣᠭᠢᠶᠠᠯ ᠬᠡᠵᠢᠶᠡᠳᠡ ᠬᠠᠷᠢᠯᠴᠠᠨ ᠨᠥᠬᠦᠴᠡᠯᠳᠦᠵᠦ᠂ ᠠᠶᠤᠯ ᠲᠦᠭᠰᠢᠭᠦᠷᠢ ᠶᠢᠨ ᠳᠤᠮᠳᠠ ᠠᠵᠠ ᠲᠣᠭᠢᠶᠠᠯ ᠣᠷᠣᠰᠢᠵᠤ᠂ ᠠᠶᠤᠯ ᠲᠦᠭᠰᠢᠭᠦᠷᠢ ᠶᠢ ᠠᠵᠠ ᠲᠤᠭᠢᠶᠠᠯ ᠪᠣᠯᠭᠠᠨ ᠬᠤᠪᠢᠷᠠᠭᠤᠯᠵᠤ ᠪᠣᠯᠣᠨ᠎ᠠ ᠭᠡᠵᠦ ᠬᠡᠯᠡᠳᠡᠭ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠺᠠᠽᠠᠬᠰᠲ᠋ᠠᠨ ᠤ ᠲᠠᠯ᠎ᠠ ᠲᠠᠢ ᠭᠠᠷ ᠬᠤᠯᠪᠣᠯᠴᠠᠨ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠢ ᠠᠷᠭᠠᠴᠠᠭᠠᠵᠤ᠂ ᠬᠢᠮᠤᠷᠠᠯ ᠤᠨ ᠳᠤᠮᠳᠠ ᠰᠢᠨ᠎ᠡ ᠠᠵᠠ ᠲᠣᠭᠢᠶᠠᠯ ᠢ ᠪᠤᠢ ᠪᠤᠯᠭᠠᠵᠤ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠴᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠡᠵᠡᠷᠬᠡᠬᠦ ᠦᠵᠡᠯ᠂ ᠬᠦᠴᠦᠷᠬᠡᠭᠯᠡᠯ ᠤᠨ ᠤᠯᠤᠰ ᠲᠦᠷᠦ᠂ ᠯᠡᠭᠧᠷ ᠤᠨ ᠡᠰᠡᠷᠭᠦᠴᠡᠯᠳᠦᠯ ᠢ ᠡᠰᠡᠷᠭᠦᠴᠡᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠲᠡ ᠪᠣᠯᠣᠨ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠳᠤ ᠨᠡᠩ ᠤᠯᠠᠨ ᠢᠳᠡᠪᠬᠢ ᠬᠦᠴᠦᠨ ᠪᠣᠯᠣᠨ ᠲᠣᠭᠲᠠᠭᠤᠨ ᠴᠢᠨᠠᠷ ᠨᠡᠮᠡᠷᠢᠯᠡᠵᠦ᠂ ᠳᠤᠮᠳᠠᠳᠤ ᠺᠠᠽᠠᠬᠰᠲ᠋ᠠᠨ ᠤ ᠨᠡᠩ ᠤᠯᠠᠨ ᠬᠤᠪᠢ ᠨᠡᠮᠡᠷᠢ ᠶᠢ ᠦᠵᠡᠭᠦᠯᠦᠶ᠎ᠡ᠃      ᠮᠢᠨᠤ ᠡᠨᠡ ᠤᠳᠠᠭ᠎ᠠ ᠶᠢᠨ ᠺᠠᠽᠠᠬᠰᠲ᠋ᠠᠨ ᠳᠠᠬᠢ ᠪᠠᠰᠠ ᠨᠢᠭᠡᠨ ᠴᠢᠬᠤᠯᠠ ᠵᠥᠪᠯᠡᠬᠦ ᠵᠦᠢᠯ ᠪᠣᠯ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠠᠪᠤᠳᠠᠯ ᠪᠣᠯᠣᠨ᠎ᠠ᠃ ᠺᠠᠽᠠᠬᠰᠲ᠋ᠠᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ᠂ ᠶᠡᠭᠡ ᠬᠡᠮᠵᠢᠶᠡᠨ ᠤ ᠪᠦᠲᠦᠮᠵᠢᠲᠡᠢ ᠠᠵᠢᠯ ᠬᠢᠵᠦ᠂ ᠲᠤᠰ ᠵᠣᠬᠢᠶᠠᠨ ᠪᠠᠶᠢᠭᠤᠯᠤᠯᠲᠠ ᠶᠢᠨ ᠨᠥᠯᠥᠭᠡᠯᠡᠬᠦ ᠬᠦᠴᠦᠨ ᠢ ᠥᠷᠭᠡᠳᠬᠡᠪᠡ᠂ ᠳᠤᠮᠳᠠᠳᠤ ᠶᠢᠨ ᠲᠠᠯ᠎ᠠ ᠶᠢᠨ ᠬᠢᠨ ᠡᠭᠦᠨ ᠢ ᠳᠡᠭᠡᠳᠦ ᠬᠡᠮᠵᠢᠶ᠎ᠡ ᠪᠠᠷ ᠦᠨᠡᠯᠡᠵᠦ ᠪᠠᠶᠢᠨ᠎ᠠ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠠᠰᠲ᠋ᠠᠨᠠ ᠶᠢᠨ ᠲᠦᠷᠦᠭᠦᠴᠦᠳ ᠤᠨ ᠬᠤᠷᠠᠯ ᠯᠠᠪᠲᠠᠢ ᠲᠡᠭᠦᠰ ᠠᠮᠵᠢᠯᠲᠠ ᠣᠯᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠶᠡᠭᠡ ᠭᠡᠷ ᠪᠦᠯᠢ ᠶᠢ ᠴᠢᠨᠠᠭᠰᠢᠳᠠ ᠨᠢᠭᠲᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠨᠡᠭᠡᠭᠡᠬᠦ ᠶᠢ ᠢᠲᠡᠭᠡᠵᠦ ᠪᠠᠶᠢᠨ᠎ᠠ᠃      ᠳᠤᠮᠳᠠᠳᠤ ᠤᠯᠤᠰ ᠤᠨ ᠡᠷᠲᠡᠨ ᠤ ᠦᠭᠡᠨ ᠳᠤ᠄ ︽ᠳᠡᠭᠡᠳᠦ ᠳᠣᠣᠷᠠᠳᠤ ᠪᠠᠷ ᠢᠶᠠᠨ ᠰᠡᠳᠬᠢᠯ ᠨᠢᠭᠡᠳᠪᠡᠯ ᠢᠯᠠᠯᠲᠠ ᠣᠯᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠤᠬᠴᠢᠳ ᠢᠯᠠᠯᠲᠠ ᠣᠯᠣᠨ᠎ᠠ︾ ᠭᠡᠳᠡᠭ᠃ ᠬᠠᠰᠠᠭ ᠦᠨᠳᠦᠰᠦᠲᠡᠨ ︽ᠲᠠᠪᠤᠨ ᠬᠤᠷᠤᠭᠤ ᠨᠡᠶᠢᠯᠡᠪᠡᠯ ᠨᠢᠳᠤᠷᠭ᠎ᠠ ᠪᠣᠯᠵᠤ᠂ ᠲᠦᠮᠡᠨ ᠠᠷᠠᠳ ᠰᠡᠳᠬᠢᠯ ᠨᠢᠭᠡᠲᠡᠢ︾ ᠭᠡᠵᠦ ᠬᠡᠯᠡᠳᠡᠭ᠃ ᠳᠤᠮᠳᠠᠳᠤ ᠤᠯᠤᠰ ᠳᠤᠷᠠᠲᠠᠶ᠎ᠠ ᠺᠠᠽᠠᠬᠰᠲ᠋ᠠᠨ ᠤ ᠬᠢᠨ ᠲᠠᠢ ᠤᠯᠤᠰ ᠤᠨ ᠬᠥᠭᠵᠢᠯ ᠴᠡᠴᠡᠭᠯᠡᠯ ᠢ ᠪᠡᠶᠡᠯᠡᠭᠦᠯᠬᠦ ᠠᠶᠠᠨ ᠳᠤ ᠭᠠᠷ ᠬᠤᠯᠪᠣᠯᠴᠠᠨ ᠴᠢᠷᠮᠠᠶᠢᠵᠤ᠂ ᠮᠥᠷᠥ ᠵᠡᠷᠭᠡᠴᠡᠨ ᠤᠷᠤᠭᠰᠢᠯᠠᠵᠤ᠂ ᠬᠤᠶᠠᠷ ᠤᠯᠤᠰ ᠤᠨ ᠬᠠᠮᠲᠤᠷᠠᠯᠴᠠᠭᠠᠨ ᠤ ᠰᠢᠨ᠎ᠡ ᠵᠢᠷᠤᠭ ᠲᠥᠰᠥᠪ ᠢ ᠵᠢᠷᠤᠭᠯᠠᠵᠤ᠂ ᠳᠤᠮᠳᠠᠳᠤ ᠺᠠᠽᠠᠬᠰᠲ᠋ᠠᠨ ᠤ ᠨᠥᠬᠦᠷᠯᠡᠯ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ