ᠰᠢ ᠶᠢᠨ ᠫᠢᠩ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/11
      ᠲᠤᠬᠠᠢ ᠶᠢᠨ ᠭᠠᠵᠠᠷ ᠤᠨ ᠴᠠᠭ ᠢᠶᠠᠷ 7 ᠳ᠋ᠤᠭᠠᠷ ᠰᠠᠷ᠎ᠠ ᠶᠢᠨ 3 ᠤ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠬᠤ ᠠᠴᠠ ᠪᠠᠨ ᠡᠮᠦᠨ᠎ᠡ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠠᠭᠤᠯᠵᠠᠪᠠ᠃
6385604356657669052850866.jpg      ᠲᠤᠬᠠᠢ ᠶᠢᠨ ᠭᠠᠵᠠᠷ ᠤᠨ ᠴᠠᠭ ᠢᠶᠠᠷ 7 ᠳ᠋ᠤᠭᠠᠷ ᠰᠠᠷ᠎ᠠ ᠶᠢᠨ 3 ᠤ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠤ ᠱᠠᠩᠬᠠᠢ ᠶᠢᠨ
ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠬᠤ ᠠᠴᠠ ᠪᠠᠨ ᠡᠮᠦᠨ᠎ᠡ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠠᠭᠤᠯᠵᠠᠪᠠ᠃ ᠰᠢᠨᠬᠤᠸᠠ ᠬᠤᠷᠢᠶᠠᠨ ᠤ ᠰᠣᠷᠪᠤᠯᠵᠢᠯᠠᠬᠴᠢ ᠵᠢᠣᠢ ᠫᠧᠩ ᠰᠠᠭᠦᠲᠠᠷᠯᠠᠪᠠ      ᠰᠢ ᠶᠢᠨ ᠫᠢᠩ᠂ ᠡᠨᠡ ᠵᠢᠯ ᠤᠨ 5 ᠰᠠᠷ᠎ᠠ ᠳᠤ᠂ ᠶᠡᠷᠦᠩᠬᠡᠶᠢᠯᠡᠭᠴᠢ ᠫᠦᠲ᠋ᠢᠨ ᠳᠤᠮᠳᠠᠳᠤ ᠤᠯᠤᠰ ᠲᠤ ᠠᠮᠵᠢᠯᠲᠠ ᠲᠠᠢ ᠪᠠᠷ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠳᠤᠮᠳᠠᠳᠤ ᠤᠷᠤᠰ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢᠨ ᠴᠢᠬᠤᠯᠠ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ᠂ ᠪᠢᠳᠡ ᠬᠠᠮᠲᠤ ᠪᠠᠷ ᠬᠤᠶᠠᠷ ᠤᠯᠤᠰ ᠤᠨ ᠬᠠᠷᠢᠯᠴᠠᠭᠠᠨ ᠤ ᠳᠠᠷᠠᠭᠠᠴᠢ ᠶᠢᠨ ᠠᠯᠬᠤᠮ ᠤᠨ ᠬᠥᠭᠵᠢᠯᠲᠡ ᠳᠤ ᠲᠥᠯᠥᠪᠵᠢᠭᠦᠯᠭᠡ ᠪᠠ ᠪᠠᠶᠢᠷᠢᠯᠠᠭᠤᠯᠤᠯᠲᠠ ᠬᠢᠪᠡ᠃ ᠤᠷᠪᠠᠭᠠᠨ ᠬᠦᠷᠪᠡᠭᠡᠨ ᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ᠂ ᠬᠤᠶᠠᠷ ᠲᠠᠯ᠎ᠠ ᠪᠠᠷ ᠢᠶᠠᠨ ᠦᠶ᠎ᠡ ᠶᠢᠨ ᠦᠶ᠎ᠡ ᠳᠡᠭᠡᠨ ᠨᠥᠬᠦᠷᠰᠡᠭ ᠪᠠᠶᠢᠬᠤ ᠤᠭ ᠰᠠᠨᠠᠭ᠎ᠠ ᠪᠠᠨ ᠦᠷᠭᠦᠯᠵᠢᠯᠡᠨ ᠪᠠᠷᠢᠮᠲᠠᠯᠠᠵᠤ᠂ ᠠᠷᠠᠳ ᠲᠦᠮᠡᠨ ᠳᠤ ᠪᠤᠶᠠᠨ ᠦᠢᠯᠡᠳᠬᠦ ᠬᠠᠲᠠᠨ ᠵᠣᠷᠢᠭ ᠢᠶᠠᠨ ᠪᠠᠲᠤ ᠰᠠᠬᠢᠵᠤ᠂ ᠳᠤᠮᠳᠠᠳᠤ ᠤᠷᠤᠰ ᠤᠨ ᠬᠠᠷᠢᠯᠴᠠᠭᠠᠨ ᠤ ᠥᠪᠡᠷᠮᠢᠴᠡ ᠦᠨ᠎ᠡ ᠦᠷᠳᠡᠭ ᠢ ᠲᠠᠰᠤᠷᠠᠯᠲᠠ ᠦᠭᠡᠢ ᠬᠠᠳᠠᠭᠠᠯᠠᠵᠤ᠂ ᠬᠤᠶᠠᠷ ᠤᠯᠤᠰ ᠤᠨ ᠬᠠᠮᠲᠤᠷᠠᠯᠴᠠᠭᠠᠨ ᠤ ᠳᠣᠲᠣᠭᠠᠳᠤ ᠬᠥᠳᠡᠯᠭᠡᠬᠦ ᠬᠦᠴᠦᠨ ᠢ ᠠᠭᠤᠳᠠᠯᠵᠤ᠂ ᠬᠤᠶᠠᠷ ᠤᠯᠤᠰ ᠤᠨ ᠵᠦᠢ ᠶᠣᠰᠣᠨ ᠤ ᠡᠷᠬᠡ ᠠᠰᠢᠭ ᠪᠣᠯᠤᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠬᠤ ᠳᠤ ᠰᠢᠨ᠎ᠡ ᠴᠢᠷᠮᠠᠶᠢᠯᠭ᠎ᠠ ᠭᠠᠷᠭᠠᠶ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠣᠷᠣᠰ ᠪᠠᠶᠢᠯᠳᠤᠬᠤ ᠪᠣᠳᠤᠯᠭ᠎ᠠ ᠶᠢᠨ ᠵᠣᠯᠭᠠᠯᠴᠠᠭ᠎ᠠ ᠪᠣᠯᠤᠨ ᠤᠯᠠᠨ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠶ᠎ᠠ᠃ ᠳᠤᠮᠳᠠᠳᠤ ᠤᠯᠤᠰ ᠣᠷᠣᠰ ᠤᠨ ᠬᠢᠨ ᠤ ᠠᠯᠲᠠᠨ ᠲᠣᠭᠤᠰᠬ᠎ᠠ ᠤᠯᠤᠰ ᠤᠳ ᠤᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠬᠦ ᠶᠢ ᠳᠡᠮᠵᠢᠵᠦ᠂ ᠬᠥᠭᠵᠢᠵᠦ ᠪᠠᠶᠢᠭ᠎ᠠ ᠤᠯᠤᠰ ᠤᠳ ᠯᠤᠭ᠎ᠠ ᠪᠦᠯᠬᠦᠮᠳᠡᠵᠦ᠂ ︽ᠰᠢᠨ᠎ᠡ ᠬᠦᠢᠲᠡᠨ ᠳᠠᠶᠢᠨ︾ ᠢ ᠰᠡᠷᠭᠡᠶᠢᠯᠡᠵᠦ᠂ ᠬᠠᠤᠯᠢ ᠪᠤᠰᠤ ᠭᠠᠭᠴᠠ ᠲᠠᠯ᠎ᠠ ᠶᠢᠨ ᠵᠠᠯᠬᠠᠭᠠᠯ ᠪᠠ ᠡᠵᠡᠷᠬᠡᠬᠦ ᠦᠵᠡᠯ ᠢ ᠡᠰᠡᠷᠭᠦᠴᠡᠨ᠎ᠡ᠃ ᠮᠠᠷᠭᠠᠰᠢ ᠱᠠᠩᠬᠠᠢ ᠶᠢᠨ ᠬᠠᠮᠵᠢᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠰᠲ᠋ᠠᠨᠠ ᠶᠢᠨ ᠲᠦᠷᠦᠭᠦᠴᠦᠳ ᠤᠨ ᠬᠤᠷᠠᠯ ᠶᠠᠪᠤᠭᠳᠠᠨ᠎ᠠ᠃ ᠳᠤᠮᠳᠠᠳᠤ ᠤᠯᠤᠰ ᠤᠷᠤᠰ ᠪᠣᠯᠤᠨ ᠡᠯ᠎ᠡ ᠪᠦᠷᠢᠯᠳᠦᠬᠦᠨ ᠤᠯᠤᠰ ᠯᠤᠭ᠎ᠠ ᠬᠠᠮᠲᠤ ᠪᠠᠷ ᠲᠤᠰ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠲᠣᠭᠲᠠᠭᠤᠨ ᠢᠶᠠᠷ ᠠᠬᠢᠭᠤᠯᠵᠤ᠂ ᠨᠡᠩ ᠨᠢᠭᠲᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠦᠰᠡᠵᠦ ᠪᠠᠶᠢᠨ᠎ᠠ᠃ ᠳᠤᠮᠳᠠᠳᠤ ᠤᠷᠤᠰ ᠬᠤᠶᠠᠷ ᠲᠠᠯ᠎ᠠ ᠪᠠᠷ ᠢᠶᠠᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠭᠠᠳᠠᠭᠠᠳᠤ ᠶᠢᠨ ᠭᠠᠷ ᠳᠦᠷᠦᠬᠦ ᠶᠢ ᠡᠰᠡᠷᠭᠦᠴᠡᠵᠦ᠂ ᠲᠤᠰ ᠭᠠᠵᠠᠷ ᠣᠷᠣᠨ ᠤ ᠠᠮᠤᠷ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠶ᠎ᠠ ᠭᠡᠵᠦ ᠴᠢᠬᠤᠯᠠᠴᠢᠯᠠᠪᠠ᠃
6385604368982668623571102.jpg      ᠲᠤᠬᠠᠢ ᠶᠢᠨ ᠭᠠᠵᠠᠷ ᠤᠨ ᠴᠠᠭ ᠢᠶᠠᠷ 7 ᠳ᠋ᠤᠭᠠᠷ ᠰᠠᠷ᠎ᠠ ᠶᠢᠨ 3 ᠤ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠤ ᠱᠠᠩᠬᠠᠢ ᠶᠢᠨ
ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠬᠤ ᠠᠴᠠ ᠪᠠᠨ ᠡᠮᠦᠨ᠎ᠡ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠠᠭᠤᠯᠵᠠᠪᠠ᠃ ᠰᠢᠨᠬᠤᠸᠠ ᠬᠤᠷᠢᠶᠠᠨ ᠤ ᠰᠣᠷᠪᠤᠯᠵᠢᠯᠠᠬᠴᠢ ᠰᠢᠶᠧ ᠬᠤᠸᠠᠨ ᡂᠢ ᠰᠠᠭᠦᠲᠠᠷᠯᠠᠪᠠ      ᠫᠦᠲ᠋ᠢᠨ᠂ ᠲᠡᠷᠢᠭᠦᠯᠡᠭᠴᠢ ᠰᠢ ᠶᠢᠨ ᠫᠢᠩ ᠤᠨ ᠡᠨᠡ ᠵᠢᠯ ᠤᠨ 5 ᠰᠠᠷ᠎ᠠ ᠳᠤ ᠮᠢᠨᠦ ᠳᠤᠮᠳᠠᠳᠤ ᠤᠯᠤᠰ ᠲᠤ ᠬᠢᠭᠰᠡᠨ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠢ ᠬᠠᠯᠠᠭᠤᠨ ᠢᠶᠠᠷ ᠵᠣᠴᠢᠯᠠᠭᠰᠠᠨ ᠳᠤ ᠲᠠᠯᠠᠷᠬᠠᠵᠤ ᠪᠠᠶᠢᠨ᠎ᠠ᠃ ᠪᠢᠳᠡ ᠣᠷᠣᠰ ᠳᠤᠮᠳᠠᠳᠤ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠬᠠᠮᠲᠤ ᠪᠠᠷ ᠪᠡᠯᠭᠡᠯᠡᠬᠦ ᠶᠢᠨ ᠬᠠᠮᠲᠤ ᠤᠷᠤᠰ ᠳᠤᠮᠳᠠᠳᠤ ᠶᠢᠨ ᠬᠠᠷᠢᠯᠴᠠᠭᠠᠨ ᠤ ᠢᠷᠡᠭᠡᠳᠦᠢ ᠶᠢᠨ ᠬᠥᠭᠵᠢᠯᠲᠡ ᠳᠤ ᠲᠥᠯᠥᠪᠵᠢᠭᠦᠯᠭᠡ ᠭᠠᠷᠭᠠᠪᠠ ᠃ ᠣᠳᠣᠬᠠᠨ ᠳᠤ᠂ ᠤᠷᠤᠰ ᠳᠤᠮᠳᠠᠳᠤ ᠶᠢᠨ ᠬᠠᠷᠢᠯᠴᠠᠭ᠎ᠠ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠣᠷᠣᠰᠢᠵᠤ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠵᠦ᠂ ᠡᠷᠬᠡ ᠲᠡᠭᠰᠢ ᠬᠠᠷᠢᠯᠴᠠᠨ ᠠᠰᠢᠭᠲᠠᠢ ᠪᠠᠶᠢᠵᠤ᠂ ᠤᠷᠤᠰ ᠳᠤᠮᠳᠠᠳᠤ ᠶᠢᠨ ᠬᠠᠷᠢᠯᠴᠠᠭ᠎ᠠ ᠬᠤᠯᠪᠣᠭ᠎ᠠ ᠪᠠᠶᠢᠭᠤᠯᠬᠤ ᠦᠭᠡᠢ᠂ ᠭᠤᠷᠪᠠᠳᠠᠬᠢ ᠡᠲᠡᠭᠡᠳ ᠲᠤ ᠴᠢᠭᠯᠡᠭᠦᠯᠬᠦ ᠦᠭᠡᠢ᠂ ᠬᠤᠶᠠᠷ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠲᠠᠢ ᠨᠡᠶᠢᠴᠡᠨ᠎ᠡ᠃ ᠤᠷᠤᠰ ᠤᠨ ᠬᠢᠨ ᠳᠤᠮᠳᠠᠳᠤ ᠤᠯᠤᠰ ᠤᠨ ᠲᠤᠰ ᠪᠡᠶ᠎ᠡ ᠶᠢᠨ ᠭᠤᠣᠯᠯᠠᠭᠴᠢ ᠠᠰᠢᠭ ᠲᠤᠰᠠ ᠪᠣᠯᠣᠨ ᠵᠦᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠳᠡᠮᠵᠢᠵᠦ᠂ ᠭᠠᠳᠠᠭᠠᠳᠤ ᠶᠢᠨ ᠬᠦᠴᠦᠨ ᠤ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ ᠳᠦᠷᠦᠬᠦ᠂ ᠡᠮᠦᠨᠡᠲᠦ ᠲᠠᠩᠭᠢᠰ ᠤᠨ ᠠᠰᠠᠭᠤᠳᠠᠯ ᠳᠤ ᠭᠠᠷ ᠲᠦᠷᠦᠭᠦ ᠶᠢ ᠡᠰᠡᠷᠭᠦᠴᠡᠨ᠎ᠡ᠃ ᠳᠤᠮᠳᠠᠳᠤ ᠤᠯᠤᠰ ᠤᠳᠠᠯ ᠦᠭᠡᠢ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠬᠤ ᠭᠡᠵᠦ ᠪᠠᠶᠢᠨ᠎ᠠ᠂ ᠤᠷᠤᠰ ᠤᠨ ᠬᠢᠨ ᠳᠤᠮᠳᠠᠳᠤ ᠤᠯᠤᠰ ᠤᠨ ᠠᠵᠢᠯ ᠢ ᠪᠦᠬᠦ ᠬᠦᠴᠦ ᠪᠠᠷ ᠢᠶᠠᠨ ᠳᠡᠮᠵᠢᠵᠦ᠂ ᠪᠤᠰᠤᠳ ᠪᠦᠷᠢᠯᠳᠦᠬᠦᠨ ᠤᠯᠤᠰ ᠲᠠᠢ ᠬᠠᠮᠲᠤ ᠪᠠᠷ ᠲᠤᠰ ᠵᠣᠬᠢᠶᠠᠨ ᠪᠠᠶᠢᠭᠤᠯᠤᠯᠲᠠ ᠶᠢᠨ ᠳᠡᠯᠡᠬᠡᠢ ᠳᠠᠬᠢ ᠨᠥᠯᠥᠭᠡᠯᠡᠬᠦ ᠬᠦᠴᠦᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠭᠠᠵᠠᠷ ᠣᠷᠣᠨ ᠤ ᠡᠩᠬᠡ ᠲᠠᠶᠢᠪᠤᠩ ᠠᠮᠤᠷ ᠲᠦᠪᠰᠢᠨ ᠢ ᠬᠠᠮᠠᠭᠠᠯᠠᠵᠤ᠂ ᠤᠯᠠᠨ ᠤᠯᠤᠰ ᠤᠨ ᠰᠢᠰᠲ᠋ᠧᠮ ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠤᠨ᠎ᠠ᠃ ᠡᠨᠡ ᠵᠢᠯ ᠤᠨ ᠠᠯᠳᠠᠨ ᠲᠣᠭᠤᠰᠬ᠎ᠠ ᠤᠯᠤᠰ ᠤᠳ ᠤᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ᠂ ᠤᠷᠤᠰ ᠤᠨ ᠬᠢᠨ ᠳᠤᠮᠳᠠᠳᠤ ᠤᠯᠤᠰ ᠯᠤᠭ᠎ᠠ ᠠᠯᠳᠠᠨ ᠲᠣᠭᠤᠰᠬ᠎ᠠ ᠤᠯᠤᠰ ᠤᠳ ᠤᠨ ᠬᠠᠮᠲᠤᠷᠠᠯᠴᠠᠭ᠎ᠠ ᠶᠢᠨ ᠲᠤᠬᠠᠢ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃      ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠳᠤᠮᠳᠠᠳᠤ ᠤᠯᠤᠰ ᠢᠮᠠᠭᠲᠠ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠢᠳᠬᠠᠨ ᠡᠪᠰᠡᠭᠦᠯᠵᠦ ᠬᠡᠯᠡᠯᠴᠡᠭᠡ ᠶᠢ ᠠᠬᠢᠭᠤᠯᠬᠤ ᠶᠢ ᠪᠠᠷᠢᠮᠲᠠᠯᠠᠵᠤ᠂ ᠳᠤᠷᠠᠲᠠᠶ᠎ᠠ ᠦᠺᠷᠠᠶᠢᠨ ᠤ ᠬᠢᠮᠤᠷᠠᠯ ᠵᠡᠷᠭᠡ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠤᠯᠤᠰ ᠲᠦᠷᠦ ᠶᠢᠨ ᠠᠷᠭ᠎ᠠ ᠪᠠᠷ ᠰᠢᠢᠳᠪᠦᠷᠢᠯᠡᠬᠦ ᠶᠢ ᠠᠬᠢᠭᠤᠯᠬᠤ ᠳᠤ ᠦᠷᠭᠦᠯᠵᠢᠯᠡᠨ ᠢᠳᠡᠪᠬᠢᠲᠡᠢ ᠴᠢᠷᠮᠠᠶᠢᠯᠭ᠎ᠠ ᠭᠠᠷᠭᠠᠨ᠎ᠠ ᠭᠡᠵᠦ ᠴᠢᠬᠤᠯᠠᠴᠢᠯᠠᠪᠠ᠃      ᠼᠠᠢ ᠴᠢ᠂ ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ