ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/7/11
      ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 7 ᠰᠠᠷ᠎ᠠ ᠶᠢᠨ 4 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 4 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠶᠢᠨ ᠲᠤᠰᠠᠭᠠᠷ ᠲᠣᠭᠲᠠᠨᠢᠯ ᠤᠨ ᠣᠷᠳᠣᠨ ᠳᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠳᠤ ᠣᠷᠣᠯᠴᠠᠪᠠ᠃
6385578156183163158093805.jpg      ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 4 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠶᠢᠨ ᠲᠤᠰᠠᠭᠠᠷ
ᠲᠣᠭᠲᠠᠨᠢᠯ ᠤᠨ ᠣᠷᠳᠣᠨ ᠳᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠳᠤ ᠣᠷᠣᠯᠴᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ
6385578169230038045318952.jpg      ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 4 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠶᠢᠨ ᠲᠤᠰᠠᠭᠠᠷ
ᠲᠣᠭᠲᠠᠨᠢᠯ ᠤᠨ ᠣᠷᠳᠣᠨ ᠳᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠳᠤ ᠣᠷᠣᠯᠴᠠᠪᠠ᠃ ᠵᠢᠷᠤᠭ ᠪᠣᠯ ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠤᠳᠤᠷᠢᠳᠬᠤ ᠬᠥᠮᠥᠰ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ      ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠺᠠᠽᠠᠬᠰᠲ᠋ᠠᠨ ᠤ ᠶᠡᠷᠦᠩᠬᠡᠶᠢᠯᠡᠭᠴᠢ ᠲᠦᠤᠤᠺᠠᠶᠧᠹ ᠬᠤᠷᠠᠯ ᠢ ᠡᠷᠭᠢᠯᠡᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠪᠤᠯᠬᠤ ᠪᠧᠯᠤᠷᠦ᠋ᠰᠢᠶ᠎ᠡ ᠶᠢᠨ ᠶᠡᠷᠦᠩᠬᠡᠶᠢᠯᠡᠭᠴᠢ ᠯᠦᠺᠠᠱᠧᠨᠺᠧ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠫᠠᠺᠢᠰᠲ᠋ᠠᠨ ᠤ ᠶᠡᠷᠦᠩᠬᠡᠢ ᠰᠠᠶᠢᠳ ᠰᠢᠶᠠᠪᠠᠽᠢ᠂ ᠤᠷᠤᠰ ᠤᠨ ᠶᠡᠷᠦᠩᠬᠡᠶᠢᠯᠡᠭᠴᠢ ᠫᠦᠲ᠋ᠢᠨ᠂ ᠲᠠᠵᠢᠺᠰᠲ᠋ᠠᠨ ᠤ ᠶᠡᠷᠦᠩᠬᠡᠶᠢᠯᠡᠭᠴᠢ ᠯᠠᠾᠧᠮᠧᠩ᠂ ᠦᠽᠪᠤᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ᠂ ᠢᠷᠠᠨ ᠤ ᠣᠷᠣᠯᠠᠭᠴᠢ ᠶᠡᠷᠦᠩᠬᠡᠶᠢᠯᠡᠭᠴᠢ ᠮᠦᠾᠧᠪᠤᠶᠢᠷ ᠪᠣᠯᠣᠨ ᠡᠨᠡᠳᠬᠡᠭ ᠤᠨ ᠲᠥᠯᠥᠭᠡᠯᠡᠭᠴᠢ ᠵᠢᠴᠢ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠠᠷᠢᠨ ᠪᠢᠴᠢᠭ ᠤᠨ ᠳᠠᠷᠤᠭ᠎ᠠ ᠨᠠᠷ ᠣᠷᠣᠯᠴᠠᠪᠠ᠃      ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠤᠳᠤᠷᠢᠳᠬᠤ ᠬᠥᠮᠥᠰ ᠲᠠᠢ ᠬᠠᠮᠲᠤ ᠭᠡᠷᠡᠯ ᠵᠢᠷᠤᠭ ᠲᠠᠲᠠᠭᠤᠯᠵᠤ᠂ ᠳᠠᠷᠠᠭ᠎ᠠ ᠨᠢ ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠳᠤ ᠣᠷᠣᠯᠴᠠᠪᠠ᠃      ᠰᠢ ᠶᠢᠨ ᠫᠢᠩ ᠶᠠᠷᠢᠶᠠᠨ ᠳᠠᠭᠠᠨ ᠺᠠᠽᠠᠬᠰᠲ᠋ᠠᠨ ᠤ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠵᠦ ᠪᠠᠶᠢᠭᠰᠠᠨ ᠬᠤᠭᠤᠴᠠᠭᠠᠨ ᠳᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠢᠳᠡᠪᠬᠢᠲᠡᠢ ᠴᠢᠷᠮᠠᠶᠢᠯᠭ᠎ᠠ ᠪᠠ ᠴᠢᠬᠤᠯᠠ ᠬᠤᠪᠢ ᠨᠡᠮᠡᠷᠢ ᠦᠵᠡᠭᠦᠯᠦᠭᠰᠡᠨ ᠢ ᠳᠡᠭᠡᠳᠦ ᠬᠡᠮᠵᠢᠶ᠎ᠡ ᠪᠠᠷ ᠦᠨᠡᠯᠡᠵᠦ᠂ ᠪᠧᠯᠤᠷᠦ᠋ᠰᠢᠶ᠎ᠠ ᠠᠩᠬ᠎ᠠ ᠤᠳᠠᠭ᠎ᠠ ᠪᠦᠷᠢᠯᠳᠦᠭᠦᠨ ᠤᠯᠤᠰ ᠤᠨ ᠬᠤᠪᠢ ᠪᠠᠷ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠢ ᠪᠠᠶᠠᠷᠯᠠᠨ ᠤᠭᠲᠤᠪᠠ᠃      ᠰᠢ ᠶᠢᠨ ᠫᠢᠩ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠡᠷᠢᠨ ᠵᠠᠭᠤᠨ ᠤ ᠠᠭᠤᠯᠵᠠᠷ ᠲᠤ ᠪᠠᠶᠢᠭᠤᠯᠤᠭᠳᠠᠵᠤ᠂ ᠲᠤᠬᠠᠢ ᠶᠢᠨ ᠦᠶ᠎ᠡ ᠳᠤ ᠬᠦᠢᠲᠡᠨ ᠲᠠᠶᠢᠨ ᠤ ᠦᠯᠡᠳᠡᠭᠳᠡᠯ ᠪᠣᠯᠤᠭᠰᠠᠨ ᠡᠰᠡᠷᠭᠦᠴᠡᠯᠳᠦᠯ ᠪᠣᠯᠣᠨ ᠬᠠᠭᠠᠴᠠᠯ ᠢ ᠬᠠᠷᠠᠬᠠᠨ ᠠᠷᠢᠯᠭᠠᠬᠤ ᠴᠢᠬᠤᠯᠠᠲᠠᠢ ᠪᠠᠶᠢᠪᠠ᠃ ᠲᠤᠰ ᠵᠣᠬᠢᠶᠠᠨ ᠪᠠᠶᠢᠭᠤᠯᠤᠯᠲᠠ ᠶᠢᠨ ᠡᠭᠦᠰᠬᠡᠨ ᠪᠠᠶᠢᠭᠤᠯᠤᠭᠰᠠᠨ ᠪᠦᠷᠢᠯᠳᠦᠭᠦᠨ ᠲᠡᠦᠬᠡ ᠶᠢᠨ ᠰᠣᠩᠭᠤᠯᠲᠠ ᠬᠢᠵᠦ᠂ ᠡᠩᠬᠡ ᠲᠠᠶᠢᠪᠤᠩ ᠬᠥᠭᠵᠢᠯᠲᠡ ᠶᠢ ᠬᠥᠭᠡᠭᠡᠴᠡᠯᠳᠦᠵᠦ᠂ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠪᠠᠶᠢᠭᠤᠯᠬᠤ ᠪᠠᠷ ᠴᠢᠷᠮᠠᠶᠢᠵᠤ᠂ ᠰᠢᠨ᠎ᠡ ᠭᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠵᠤ᠂ ︽ᠱᠠᠩᠬᠠᠢ ᠶᠢᠨ ᠵᠣᠷᠢᠭ ᠰᠠᠨᠠᠭ᠎ᠠ︾ ᠨᠢ ᠪᠦᠷᠢᠯᠳᠦᠭᠦᠨ ᠤᠯᠤᠰ ᠤᠳ ᠤᠨ ᠬᠠᠮᠲᠤ ᠶᠢᠨ ᠦᠷᠳᠡᠭ ᠤᠨ ᠵᠢᠷᠤᠮᠯᠠᠯ ᠪᠠ ᠠᠵᠢᠯᠯᠠᠭᠠᠨ ᠤ ᠴᠢᠭᠯᠡᠯᠲᠡ ᠪᠣᠯᠪᠠ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠠᠶᠢᠭᠤᠯᠤᠭᠳᠠᠭᠰᠠᠨ 23 ᠵᠢᠯ ᠤᠨ ᠲᠠᠷᠠᠭ᠎ᠠ᠂ ᠪᠦᠷᠢᠯᠳᠦᠭᠦᠨ ᠤᠯᠤᠰ 10 ᠪᠣᠯᠣᠨ ᠨᠡᠮᠡᠭᠳᠡᠵᠦ᠂ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠶᠡᠭᠡ ᠭᠡᠷ ᠪᠦᠯᠢ︾ ᠭᠤᠷᠪᠠᠨ ᠲᠢᠪ ᠤᠨ 26 ᠤᠯᠤᠰ ᠢ ᠬᠠᠮᠤᠷᠴᠤ᠂ ᠬᠠᠨᠢᠲᠠᠨ ᠶᠠᠪᠤᠬᠤ ᠲᠤᠳᠤᠮ ᠣᠯᠠᠰᠢᠷᠠᠵᠤ᠂ ᠬᠠᠮᠲᠤᠷᠠᠯᠴᠠᠭᠠᠨ ᠤ ᠰᠠᠭᠤᠷᠢ ᠨᠡᠩ ᠪᠠᠬᠢᠵᠢᠪᠡ᠃ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠤᠨ ᠬᠤᠪᠢᠰᠤᠯᠲᠠ ᠲᠦᠷᠭᠡᠰᠦᠨ ᠬᠥᠭᠵᠢᠵᠦ᠂ ᠬᠥᠮᠥᠨ ᠲᠥᠷᠥᠯᠬᠢᠲᠡᠨ ᠤ ᠨᠡᠶᠢᠭᠡᠮ ᠳᠠᠬᠢᠨᠲᠠ ᠲᠡᠦᠬᠡ ᠶᠢᠨ ᠲᠣᠨᠣᠯᠵᠢᠨ ᠵᠠᠮ ᠳᠤ ᠵᠣᠭᠰᠣᠪᠠ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠲᠥᠪ ᠭᠤᠣᠯᠴᠢ ᠰᠢᠳᠤᠷᠭᠤ ᠶᠣᠰᠣᠨ ᠤ ᠲᠠᠯ᠎ᠠ ᠳᠤ ᠵᠣᠬᠰᠣᠬᠤ ᠨᠢ ᠳᠡᠯᠡᠬᠡᠢ ᠳᠤ ᠲᠦᠢᠯ ᠤᠨ ᠴᠢᠬᠤᠯᠠ ᠶᠤᠮ᠃      ᠬᠦᠢᠲᠡᠨ ᠲᠠᠶᠢᠨ ᠤ ᠰᠡᠳᠬᠢᠬᠦᠢ ᠶᠢᠨ ᠪᠣᠳᠠᠲᠤ ᠰᠦᠷᠳᠡᠭᠦᠯᠦᠯ ᠤᠨ ᠡᠮᠦᠨ᠎ᠡ᠂ ᠪᠢᠳᠡ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠶ᠎ᠠ᠃ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠨ ᠦᠢᠯᠡᠳᠦᠯᠭᠡᠵᠢᠭᠦᠯᠵᠦ᠂ ᠶᠠᠷᠢᠯᠴᠠᠭ᠎ᠠ ᠪᠠ ᠬᠠᠮᠵᠢᠯᠴᠠᠭ᠎ᠠ ᠪᠠᠷ ᠨᠠᠷᠢᠨ ᠪᠤᠳᠤᠯᠢᠶᠠᠨᠲᠠᠢ ᠰᠣᠯᠪᠢᠴᠠᠭᠰᠠᠨ ᠠᠮᠤᠷ ᠲᠦᠪᠰᠢᠨ ᠤ ᠥᠷᠢᠰᠦᠯᠳᠦᠭᠡᠨ ᠢ ᠠᠷᠭᠠᠴᠠᠭᠠᠵᠤ᠂ ᠬᠠᠮᠲᠤ ᠪᠠᠷ ᠠᠰᠢᠭ ᠭᠦᠷᠳᠡᠭᠦ ᠰᠡᠳᠬᠢᠬᠦᠢ ᠪᠠᠷ ᠭᠦᠨᠵᠡᠭᠡᠢ ᠲᠣᠬᠢᠷᠠᠭᠤᠯᠤᠯᠲᠠ ᠬᠢᠭᠰᠡᠨ ᠣᠯᠠᠨ ᠤᠯᠤᠰ ᠤᠨ ᠪᠠᠶᠢᠷᠢᠰᠢᠯ ᠢ ᠠᠷᠭᠠᠴᠠᠭᠠᠵᠤ᠂ ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠳᠡᠭᠡᠨ ᠠᠮᠤᠷ ᠲᠦᠪᠰᠢᠨ ᠳᠡᠯᠡᠬᠡᠢ ᠶᠢᠷᠲᠢᠨᠴᠦ ᠶᠢ ᠬᠠᠮᠲᠤ ᠪᠠᠷ ᠪᠦᠲᠦᠭᠡᠨ ᠪᠠᠶᠢᠭᠤᠯᠤᠶ᠎ᠠ᠃      ︽ᠪᠠᠭ᠎ᠠ ᠬᠦᠷᠢᠶ᠎ᠡ ᠥᠨᠳᠥᠷ ᠬᠡᠷᠡᠮ︾ ᠤᠨ ᠪᠣᠳᠠᠲᠤ ᠠᠶᠤᠯ ᠲᠦᠭᠰᠢᠭᠦᠷᠢ ᠶᠢᠨ ᠡᠮᠦᠨ᠎ᠡ᠂ ᠪᠢᠳᠡ ᠬᠥᠭᠵᠢᠯᠲᠡ ᠶᠢᠨ ᠡᠷᠬᠡ ᠪᠠᠨ ᠬᠠᠮᠠᠭᠠᠯᠠᠶ᠎ᠠ᠃ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠭᠠᠷ ᠬᠤᠯᠪᠣᠯᠴᠠᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ᠂ ᠭᠠᠵᠠᠷ ᠣᠷᠣᠨ ᠤ ᠠᠵᠤ ᠠᠬᠤᠢ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠬᠠᠮᠲᠤ ᠪᠠᠷ ᠬᠥᠭᠵᠢᠬᠦ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠤᠶ᠎ᠠ᠃      ᠭᠠᠷ ᠲᠦᠷᠦᠵᠤ ᠬᠠᠭᠠᠴᠠᠭᠤᠯᠬᠤ ᠪᠣᠳᠠᠲᠤ ᠥᠷᠢᠰᠦᠯᠳᠦᠭᠡᠨ ᠤ ᠡᠮᠦᠨ᠎ᠡ᠂ ᠪᠢᠳᠡ ᠪᠦᠯᠬᠦᠮᠳᠡᠯ ᠤᠨ ᠬᠦᠴᠦᠨ ᠢᠶᠠᠨ ᠪᠠᠬᠢᠵᠢᠭᠦᠯᠦᠶ᠎ᠡ᠃ ᠭᠠᠳᠠᠭᠠᠳᠤ ᠶᠢᠨ ᠭᠠᠷ ᠲᠦᠷᠦᠭᠦ ᠶᠢ ᠭᠠᠷ ᠬᠤᠯᠪᠣᠯᠴᠠᠨ ᠡᠰᠡᠷᠭᠦᠴᠡᠵᠦ᠂ ᠬᠠᠷᠢᠯᠴᠠᠨ ᠡᠷᠡᠰ ᠳᠡᠮᠵᠢᠯᠴᠡᠵᠦ᠂ ᠲᠤᠰ ᠲᠤᠰ ᠤᠨ ᠠᠩᠬᠠᠷᠴᠤ ᠪᠠᠶᠢᠭ᠎ᠠ ᠠᠰᠠᠭᠤᠳᠠᠯ ᠢᠶᠠᠨ ᠬᠠᠷᠠᠭᠠᠯᠵᠠᠵᠤ᠂ ᠡᠶ᠎ᠡ ᠨᠠᠶᠢᠷᠲᠠᠢ ᠪᠠᠶᠢᠬᠤ ᠪᠠᠷ ᠳᠣᠲᠣᠭᠠᠳᠤ ᠶᠢᠨ ᠵᠥᠷᠢᠯᠳᠦᠭᠡᠨ ᠢᠶᠠᠨ ᠰᠢᠢᠳᠪᠦᠷᠢᠯᠡᠵᠦ᠂ ᠠᠳᠠᠯᠢ ᠲᠠᠯ᠎ᠠ ᠪᠠᠨ ᠨᠢᠭᠡᠳᠬᠡᠨ ᠵᠥᠷᠢᠶ᠎ᠡ ᠪᠠᠨ ᠠᠷᠢᠯᠭᠠᠵᠤ ᠬᠠᠮᠲᠤᠷᠠᠯᠴᠠᠭᠠᠨ ᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠤᠰ ᠤᠯᠤᠰ ᠤᠨ ᠢᠷᠡᠭᠡᠳᠦᠢ ᠬᠤᠪᠢ ᠵᠠᠶᠠᠭ᠎ᠠ᠂ ᠭᠠᠵᠠᠷ ᠣᠷᠣᠨ ᠤ ᠡᠩᠬᠡ ᠲᠠᠶᠢᠪᠤᠩ ᠬᠥᠭᠵᠢᠯᠲᠡ ᠶᠢ ᠥᠪᠡᠷ ᠤᠨ ᠭᠠᠷ ᠲᠠᠭᠠᠨ ᠪᠠᠲᠤ ᠡᠵᠡᠮᠳᠡᠶ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠳᠡᠯᠡᠬᠡᠢ ᠶᠢᠨ ᠪᠠᠶᠢᠳᠠᠯ ᠤᠨ ᠤᠷᠪᠠᠭᠠᠨ ᠬᠥᠷᠪᠡᠭᠡᠨ ᠲᠠᠢ ᠪᠠᠶᠢᠳᠠᠯ ᠤᠨ ᠰᠢᠯᠭᠠᠯᠲᠠ ᠶᠢ ᠳᠠᠭᠠᠭᠠᠵᠤ ᠴᠢᠳᠠᠭᠰᠠᠨ ᠤ ᠦᠨᠳᠦᠰᠦ ᠰᠤᠷᠪᠤᠯᠵᠢ ᠨᠢ ᠪᠢᠳᠠ ᠪᠦᠯᠬᠦᠮᠳᠡᠨ ᠬᠠᠮᠵᠢᠯᠴᠠᠬᠤ ᠰᠢᠯᠢᠳᠡᠭ ᠤᠯᠠᠮᠵᠢᠯᠠᠯ᠂ ᠡᠷᠬᠡ ᠲᠡᠭᠰᠢ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠶᠣᠰᠣ᠂ ᠲᠥᠪ ᠭᠤᠣᠯᠴᠢ ᠰᠢᠳᠤᠷᠭᠤ ᠶᠣᠰᠣᠨ ᠤ ᠦᠷᠳᠡᠭ ᠤᠨ ᠬᠥᠭᠡᠭᠡᠴᠡᠯᠳᠦᠯ᠂ ᠪᠠᠭᠲᠠᠭᠠᠮᠵᠢᠲᠠᠢ ᠬᠠᠷᠢᠯᠴᠠᠨ ᠲᠣᠯᠢ ᠪᠤᠯᠭᠠᠬᠤ ᠠᠭᠤᠳᠠᠮᠴᠢ ᠪᠤᠳᠤᠯ ᠢ ᠢᠮᠠᠭᠲᠠ ᠪᠠᠷᠢᠮᠲᠠᠯᠠᠭᠰᠠᠨ ᠳᠤ ᠪᠤᠢ᠃ ᠪᠢᠳᠡ ᠤᠭ ᠰᠠᠨᠠᠭ᠎ᠠ ᠪᠠᠨ ᠪᠠᠲᠤ ᠰᠠᠬᠢᠵᠤ᠂ ︽ᠱᠠᠩᠬᠠᠢ ᠶᠢᠨ ᠵᠣᠷᠢᠭ ᠰᠠᠨᠠᠭ᠎ᠠ︾ ᠶᠢᠨ ᠲᠤᠭ ᠢ ᠦᠷᠭᠦᠯᠵᠢᠯᠡᠨ ᠥᠨᠳᠥᠷ ᠮᠠᠨᠳᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠠᠮᠵᠢᠯᠲᠠ ᠣᠯᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠴᠢᠭᠯᠡᠯ ᠢ ᠬᠠᠮᠲᠤ ᠪᠠᠷ ᠲᠣᠭᠲᠠᠭᠤᠨ ᠡᠵᠡᠮᠳᠡᠵᠦ᠂ ᠲᠤᠰ ᠵᠣᠬᠢᠶᠠᠨ ᠪᠠᠶᠢᠭᠤᠯᠤᠯᠲᠠ ᠶᠢ ᠪᠦᠷᠢᠯᠳᠦᠭᠦᠨ ᠤᠯᠤᠰ ᠤᠨ ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠬᠦ ᠨᠠᠶᠢᠳᠠᠪᠤᠷᠢᠲᠠᠢ ᠲᠦᠰᠢᠭ ᠲᠤᠯᠭᠠᠭᠤᠷᠢ ᠪᠣᠯᠭᠠᠶ᠎ᠠ ᠭᠡᠵᠦ ᠴᠢᠬᠤᠯᠠᠴᠢᠯᠠᠪᠠ᠃      ᠬᠤᠷᠠᠯ ᠳᠤ ᠣᠷᠣᠯᠴᠠᠬᠰᠠᠨ ᠪᠦᠷᠢᠯᠳᠦᠭᠦᠨ ᠤᠯᠤᠰ ᠤᠳ ᠤᠨ ᠤᠳᠤᠷᠢᠳᠬᠤ ᠬᠥᠮᠥᠰ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠠᠵᠠᠷ ᠣᠷᠣᠨ ᠤ ᠡᠩᠬᠡ ᠲᠠᠶᠢᠪᠤᠩ ᠪᠣᠯᠣᠨ ᠠᠮᠤᠷ ᠲᠦᠪᠰᠢᠨ ᠢ ᠬᠠᠮᠠᠭᠠᠯᠠᠬᠤ ᠳᠤ ᠦᠵᠡᠭᠦᠯᠦᠭᠰᠡᠨ ᠪᠦᠲᠦᠭᠡᠯᠴᠢ ᠴᠢᠨᠠᠷᠲᠠᠢ ᠦᠢᠯᠡᠳᠦᠯ ᠢ ᠢᠳᠡᠪᠬᠢᠲᠡᠢ ᠦᠨᠡᠯᠡᠵᠦ᠂ ᠠᠷᠠᠯᠵᠢᠶ᠎ᠠ᠂ ᠵᠠᠮ ᠬᠠᠷᠢᠯᠴᠠᠭ᠎ᠠ᠂ ᠡᠨᠧᠷᠭᠢ᠂ ᠮᠥᠩᠭᠦᠨ ᠭᠦᠢᠯᠭᠡᠭᠡ᠂ ᠬᠥᠳᠡᠭᠡ ᠠᠵᠤ ᠠᠬᠤᠢ᠂ ᠲᠣᠭᠠᠴᠢᠯᠠᠭᠰᠠᠨ ᠠᠵᠤ ᠠᠬᠤᠢ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠴᠢᠨᠠᠭᠰᠢᠳᠠ ᠴᠢᠩᠭᠠᠳᠬᠠᠵᠤ᠂ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ᠂ ᠵᠠᠯᠠᠭᠤᠴᠤᠳ ᠵᠡᠷᠭᠡ ᠰᠣᠶᠣᠯ ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ ᠭᠡᠵᠦ ᠢᠯᠡᠳᠬᠡᠪᠡ᠃ ᠤᠳᠤᠷᠢᠳᠬᠤ ᠬᠥᠮᠥᠰ᠂ ᠣᠳᠣᠬᠠᠨ ᠤ ᠳᠡᠯᠡᠬᠡᠢ ᠶᠢᠨ ᠤᠯᠤᠰ ᠲᠦᠷᠦ᠂ ᠠᠵᠤ ᠠᠬᠤᠢ ᠶᠢᠨ ᠪᠠᠶᠢᠳᠠᠯ ᠵᠢᠴᠢ ᠤᠯᠠᠨ ᠤᠯᠤᠰ ᠤᠨ ᠬᠠᠷᠢᠯᠴᠠᠭ᠎ᠠ ᠶᠠᠭ ᠴᠢᠬᠤᠯᠠ ᠶᠡᠭᠡ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠭᠤᠣᠯ ᠵᠣᠬᠢᠴᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠨᠡᠩ ᠲᠥᠯᠥᠭᠡᠯᠡᠬᠦ ᠴᠢᠨᠠᠷᠲᠠᠢ᠂ ᠨᠡᠩ ᠠᠷᠠᠳᠴᠢᠯᠠᠯ ᠲᠠᠢ ᠲᠥᠪ ᠭᠤᠣᠯᠴᠢ ᠤᠯᠠᠨ ᠲᠦᠢᠯᠲᠤ ᠳᠡᠯᠡᠬᠡᠢ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠪᠠᠯ ᠵᠣᠬᠢᠨ᠎ᠠ᠃ ᠡᠯ᠎ᠡ ᠤᠯᠤᠰ ᠤᠨ ᠵᠦᠢ ᠶᠣᠰᠣᠨ ᠤ ᠠᠮᠤᠷ ᠲᠦᠪᠰᠢᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠭᠦᠨᠳᠦᠳᠭᠡᠵᠦ᠂ ᠤᠯᠤᠰ ᠤᠨ ᠬᠤᠭᠤᠷᠣᠨᠳᠣᠭᠢ ᠵᠥᠷᠢᠯᠳᠦᠭᠡᠨ ᠵᠢᠭᠤᠷᠠᠯᠳᠤᠭᠠᠨ ᠢ ᠨᠠᠶᠢᠷᠠᠮᠳᠠᠯ ᠢᠶᠠᠷ ᠰᠢᠢᠳᠪᠦᠷᠢᠯᠡᠬᠦ ᠪᠠᠷ ᠴᠢᠷᠮᠠᠶᠢᠵᠤ᠂ ᠭᠠᠭᠴᠠ ᠲᠠᠯ᠎ᠠ ᠶᠢᠨ ᠵᠠᠯᠬᠠᠭᠠᠯ ᠢ ᠡᠰᠡᠷᠭᠦᠴᠡᠵᠦ᠂ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠰᠡᠷᠭᠦᠴᠡᠪᠡᠯ ᠵᠣᠬᠢᠨ᠎ᠠ᠃ ᠤᠳᠤᠷᠢᠳᠬᠤ ᠬᠥᠮᠥᠰ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠤᠷ ᠲᠦᠪᠰᠢᠨ ᠤ ᠰᠦᠷᠳᠡᠭᠦᠯᠦᠯ ᠪᠠ ᠥᠷᠢᠰᠦᠯᠳᠦᠭᠡᠨ ᠢ ᠠᠷᠭᠠᠴᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ︽ᠭᠤᠷᠪᠠᠨ ᠵᠦᠢᠯ ᠤᠨ ᠬᠦᠴᠦᠨ︾᠂ ᠬᠤᠣᠷ ᠰᠠᠷᠢᠭᠠᠯᠠᠬᠤ ᠪᠠ ᠤᠯᠤᠰ ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠳᠡᠯᠡᠬᠡᠢ ᠨᠡᠶᠢᠭᠡᠮ ᠤᠨ ᠬᠢᠨ ᠤ ᠠᠹᠭᠠᠨᠢᠰᠲ᠋ᠠᠨ ᠤ ᠡᠩᠬᠡ ᠲᠠᠶᠢᠪᠤᠩ᠂ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠳᠡᠮᠵᠢᠵᠦ᠂ ︽ᠬᠤᠶᠠᠷ ᠤᠯᠤᠰ ᠤᠨ ᠲᠥᠰᠥᠯ︾ ᠳᠤ ᠰᠠᠭᠤᠷᠢᠯᠠᠨ ᠫᠠᠯᠧᠰᠲ᠋ᠠᠶᠢᠨ ᠤ ᠠᠰᠠᠭᠤᠳᠠᠯ ᠢ ᠪᠦᠭᠦ ᠲᠠᠯ᠎ᠠ ᠪᠠᠷ᠂ ᠲᠥᠪ ᠭᠤᠣᠯᠴᠢ ᠪᠠᠷ ᠰᠢᠢᠳᠪᠦᠷᠢᠯᠡᠬᠦ ᠶᠢ ᠳᠡᠮᠵᠢᠪᠡᠯ ᠵᠣᠬᠢᠨ᠎ᠠ ᠭᠡᠵᠦ ᠦᠵᠡᠵᠡᠭᠡᠪᠡ᠃      ᠪᠦᠷᠢᠯᠳᠦᠭᠦᠨ ᠤᠯᠤᠰ ᠤᠳ ᠤᠨ ᠤᠳᠤᠷᠢᠳᠬᠤ ᠬᠥᠮᠥᠰ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠤᠨ ᠠᠰᠲ᠋ᠠᠨᠠ ᠶᠢᠨ ᠲᠤᠩᠬᠠᠭ︾ ᠲᠤ ᠭᠠᠷ ᠤᠨ ᠦᠰᠦᠭ ᠵᠢᠷᠤᠬᠤ ᠶᠢᠨ ᠬᠠᠮᠲᠤ ᠨᠡᠶᠢᠲᠡᠯᠡᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠯ᠎ᠡ ᠤᠯᠤᠰ ᠪᠦᠯᠬᠦᠮᠳᠡᠨ ᠬᠠᠮᠲᠤ ᠪᠠᠷ ᠢᠶᠠᠨ ᠳᠡᠯᠡᠬᠡᠢ ᠶᠢᠨ ᠲᠥᠪ ᠭᠤᠣᠯᠴᠢ᠂ ᠡᠶ᠎ᠡ ᠨᠠᠶᠢᠷᠠᠮᠳᠠᠭᠤ᠂ ᠬᠥᠭᠵᠢᠯᠲᠡ ᠶᠢ ᠠᠬᠢᠭᠤᠯᠬᠤ ᠲᠤᠬᠠᠢ ᠰᠠᠨᠠᠭᠠᠴᠢᠯᠠᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠰᠠᠨᠠᠭᠤᠯᠭ᠎ᠠ᠂ ᠡᠶᠡᠯᠳᠡᠭ ᠬᠥᠷᠰᠢ ᠶᠢᠨ ᠢᠲᠡᠭᠡᠯᠴᠡᠭᠡ ᠪᠠ ᠬᠠᠨᠢᠲᠠᠨ ᠤ ᠬᠠᠷᠢᠯᠴᠠᠭ᠎ᠠ ᠶᠢᠨ ᠵᠠᠷᠴᠢᠮ ᠤᠨ ᠲᠤᠬᠠᠢ ᠢᠯᠡᠷᠬᠡᠶᠢᠯᠡᠯᠲᠡ ᠵᠢᠴᠢ ᠡᠨᠧᠷᠭᠢ᠂ ᠪᠡᠯᠡ ᠣᠷᠣᠭᠤᠯᠤᠯᠲᠠ᠂ ᠮᠡᠳᠡᠭᠡ ᠵᠠᠩᠭᠢ ᠶᠢᠨ ᠠᠮᠤᠷ ᠲᠦᠪᠰᠢᠨ ᠵᠡᠷᠭᠡ ᠬᠦᠷᠢᠶᠡᠨ ᠤ ᠬᠠᠮᠲᠤᠷᠠᠯᠴᠠᠭ᠎ᠠ ᠳᠤ ᠬᠤᠯᠪᠣᠭᠳᠠᠭᠰᠠᠨ ᠠᠯᠢ ᠤᠯᠠᠨ ᠰᠢᠢᠳᠪᠦᠷᠢ ᠶᠢ ᠨᠡᠶᠢᠲᠡᠯᠡᠬᠦ ᠶᠢ ᠵᠥᠪᠰᠢᠶᠡᠷᠡᠪᠡ᠃      ᠬᠤᠷᠠᠯ ᠠᠴᠠ ᠪᠧᠯᠤᠷᠦ᠋ᠰᠢᠶ᠎ᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠳᠤ ᠣᠷᠣᠬᠤ ᠶᠢ ᠵᠢᠩᠬᠢᠨᠢ ᠪᠠᠷ ᠵᠥᠪᠰᠢᠶᠡᠷᠡᠵᠦ᠂ ᠳᠤᠮᠳᠠᠳᠤ ᠤᠯᠤᠰ 2024 ᠣᠨ ᠠᠴᠠ 2025 ᠣᠨ ᠪᠤᠯᠲᠠᠯᠠᠭᠢ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠬᠠᠷᠢᠭᠤᠴᠠᠬᠤ ᠪᠠᠷ ᠲᠣᠭᠲᠠᠪᠠ᠃      ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ