ᠰᠢᠨᠬᠤᠸᠠ ᠬᠤᠷᠢᠶ᠎ᠠ ᠶᠢᠨ ᠳ᠋ᠦᠱᠠᠨᠪᠧ ᠶᠢᠨ 7 ᠰᠠᠷ᠎ᠠ ᠶᠢᠨ 5 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 5 ᠤ ᠦᠳᠡ ᠶᠢᠨ | ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠵᠢᠺᠰᠲ᠋ᠠᠨ ᠤ ᠶᠡᠷᠦᠩᠬᠡᠶᠢᠯᠡᠭᠴᠢ ᠯᠠᠾᠧᠮᠧᠩ ᠲᠠᠢ ᠳ᠋ᠦᠱᠠᠨᠪᠧ ᠶᠢᠨ ᠶᠡᠷᠦᠩᠬᠡᠶᠢᠯᠡᠭᠴᠢ ᠶᠢᠨ ᠣᠷᠳᠣᠨ ᠳᠤ | ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ ᠰᠢᠨ᠎ᠡ ᠴᠠᠭ ᠦᠶ᠎ᠡ ᠶᠢᠨ ᠳᠤᠮᠳᠠᠳᠤ ᠲᠠᠵᠢᠺᠰᠲ᠋ᠠᠨ ᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠦᠨ᠎ᠡ ᠭᠡᠵᠦ ᠨᠡᠶᠢᠲᠡᠯᠡᠪᠡ᠃ | ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 5 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠵᠢᠺᠰᠲ᠋ᠠᠨ ᠤ | ᠶᠡᠷᠦᠩᠬᠡᠶᠢᠯᠡᠭᠴᠢ ᠯᠠᠾᠧᠮᠧᠩ ᠲᠠᠢ ᠳ᠋ᠦᠱᠠᠨᠪᠧ ᠶᠢᠨ ᠶᠡᠷᠦᠩᠬᠡᠶᠢᠯᠡᠭᠴᠢ ᠶᠢᠨ ᠣᠷᠳᠣᠨ ᠳᠤ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | ᠰᠢ ᠶᠢᠨ ᠫᠢᠩ ᠲᠡᠷᠭᠡᠨ ᠳᠤ ᠰᠠᠭᠤᠵᠤ ᠶᠡᠷᠦᠩᠬᠡᠶᠢᠯᠡᠭᠴᠢ ᠶᠢᠨ ᠣᠷᠳᠣᠨ ᠤ ᠡᠮᠦᠨᠡᠬᠢ ᠠᠭᠤᠳᠠᠮ ᠲᠠᠯᠠᠪᠠᠢ ᠳᠤ ᠬᠦᠷᠬᠦ ᠳᠤ᠂ ᠯᠠᠾᠧᠮᠧᠩ ᠲᠡᠷᠭᠡᠨ ᠠᠴᠠ | ᠪᠠᠭᠤᠬᠤ ᠭᠠᠵᠠᠷ ᠲᠤ ᠬᠠᠯᠠᠭᠤᠨ ᠢᠶᠠᠷ ᠤᠭᠲᠤᠪᠠ᠃ | ᠯᠠᡁᠧᠮᠧᠩ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ᠃ | ᠬᠤᠶᠠᠷ ᠤᠯᠤᠰ ᠤᠨ ᠲᠡᠷᠢᠭᠦᠨ ᠬᠠᠮᠲᠤ ᠪᠠᠷ ᠰᠢᠯᠭᠠᠨ ᠦᠵᠡᠬᠦ ᠲᠠᠶᠢᠰᠠᠨ ᠳᠤ ᠭᠠᠷᠪᠠ᠃ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠲᠠᠵᠢᠺᠰᠲ᠋ᠠᠨ | ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠶᠣᠰᠣᠯᠠᠯ ᠤᠨ ᠫᠤᠤ ᠶᠢ 21 ᠳᠤᠤᠭᠠᠷᠭᠠᠪᠠ᠃ ᠰᠢ ᠶᠢᠨ ᠫᠢᠩ ᠯᠠᡁᠧᠮᠧᠩ ᠤᠨ ᠪᠡᠷ᠎ᠠ | ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠵᠦ᠂ ︽ᠳᠠᠶᠠᠭᠠᠷ ᠢᠶᠠᠨ ᠰᠠᠶᠢᠨ ᠪᠠᠶᠢᠨ᠎ᠠ ᠦᠦ︕︾ ᠭᠡᠵᠦ ᠲᠠᠵᠢᠺ ᠭᠡᠯᠡ ᠪᠠᠷ ᠮᠡᠨᠳᠦᠴᠢᠯᠡᠬᠦ ᠳᠤ | ᠶᠣᠰᠣᠯᠠᠯ ᠤᠨ ᠠᠩᠭᠢ ᠶᠢᠨ ᠭᠡᠰᠢᠭᠦᠳ ︽ᠰᠠᠶᠢᠨ ᠦᠦ᠂ ᠲᠡᠷᠢᠭᠦᠯᠡᠭᠴᠢ ᠨᠣᠶᠠᠨᠲᠠᠨ ᠠ᠋︕︾ ᠭᠡᠵᠦ ᠲᠠᠵᠢᠺ ᠭᠡᠯᠡ ᠪᠠᠷ ᠲᠠᠭᠤᠨ ᠨᠢᠭᠡᠲᠡᠢ ᠬᠠᠷᠢᠭᠤᠯᠪᠠ᠃ ᠬᠤᠶᠠᠷ | ᠤᠯᠤᠰ ᠤᠨ ᠲᠡᠷᠢᠭᠦᠨ ᠲᠤᠰ ᠲᠤᠰ ᠤᠨ ᠪᠡᠷ᠎ᠠ ᠪᠣᠯᠣᠭᠰᠠᠳ ᠲᠠᠢ ᠨᠢᠭᠡᠳ ᠨᠢᠭᠡ ᠪᠠᠷ ᠭᠠᠷ ᠠᠳᠬᠤᠨ ᠮᠡᠨᠳᠦᠴᠢᠯᠡᠵᠦ᠂ ᠲᠠᠷᠠᠭ᠎ᠠ ᠨᠢ ᠬᠠᠮᠲᠤ ᠪᠠᠷ ᠵᠢᠭᠰᠠᠭᠠᠯ ᠢ | ᠦᠵᠡᠪᠡ᠃ | ᠤᠭᠲᠤᠬᠤ ᠶᠣᠰᠣᠯᠠᠯ ᠤᠨ ᠳᠠᠷᠠᠭ᠎ᠠ᠂ ᠬᠤᠶᠠᠷ ᠤᠯᠤᠰ ᠤᠨ ᠲᠡᠷᠢᠭᠦᠨ ᠤᠷᠢᠳ ᠬᠤᠵᠢᠳ ᠪᠠᠭ᠎ᠠ ᠬᠡᠪᠴᠢᠶᠡᠨ ᠤ ᠬᠡᠯᠡᠯᠴᠡᠭᠡ ᠪᠣᠯᠣᠨ ᠶᠡᠭᠡ ᠬᠡᠪᠴᠢᠶᠡᠨ ᠤ | ᠬᠡᠯᠡᠯᠴᠡᠭᠡ ᠬᠢᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠲᠠᠵᠢᠺᠰᠲ᠋ᠠᠨ ᠠᠭᠤᠯᠠ ᠤᠰᠤ ᠪᠠᠷ ᠢᠶᠠᠨ ᠵᠠᠯᠭᠠᠯᠳᠤᠵᠤ᠂ ᠤᠷᠤᠭᠤᠯ ᠰᠢᠳᠤᠨ ᠤ ᠨᠢᠭᠲᠠ ᠬᠤᠯᠪᠤᠭ᠎ᠠ ᠲᠠᠢ᠂ | ᠬᠤᠪᠢ ᠵᠠᠶᠠᠭ᠎ᠠ ᠪᠠᠨ ᠬᠠᠮᠲᠤᠳᠬᠠᠭᠰᠠᠨ ᠶᠤᠮ᠃ ᠬᠤᠶᠠᠷ ᠤᠯᠤᠰ ᠤᠨ ᠬᠠᠷᠢᠯᠴᠠᠭ᠎ᠠ ᠭᠦᠨ ᠵᠤᠵᠠᠭᠠᠨ ᠲᠡᠦᠬᠡ ᠶᠢᠨ ᠡᠬᠢ ᠰᠤᠷᠪᠤᠯᠵᠢ᠂ ᠪᠠᠲᠤ ᠪᠠᠬᠢ ᠤᠯᠤᠰ | ᠲᠦᠷᠦ ᠶᠢᠨ ᠰᠠᠭᠤᠷᠢ᠂ ᠡᠯᠪᠡᠭ ᠪᠠᠶᠠᠯᠢᠭ ᠬᠠᠮᠲᠤᠷᠠᠯᠴᠠᠭᠠᠨ ᠤ ᠠᠭᠤᠯᠤᠭᠳᠠᠬᠤᠨ᠂ ᠥᠷᠭᠡᠨ ᠳᠡᠯᠭᠡᠷ ᠠᠷᠠᠳ ᠤᠨ ᠰᠠᠨᠠᠭᠠᠨ ᠤ ᠳᠡᠮᠵᠢᠯᠭᠡ ᠲᠠᠢ ᠶᠤᠮ᠃ ᠬᠤᠶᠠᠷ | ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠠᠯᠢ ᠣᠯᠠᠨ ᠴᠢᠬᠤᠯᠠ ᠶᠡᠭᠡ ᠲᠥᠷᠥᠯ ᠵᠦᠢᠯ ᠤᠨ ᠠᠬᠢᠴᠠ | ᠤᠷᠤᠭᠰᠢᠲᠠᠢ ᠶᠠᠪᠤᠭᠳᠠᠵᠤ᠂ ᠬᠤᠶᠠᠷ ᠤᠯᠤᠰ ᠤᠨ ᠬᠠᠮᠲᠤ ᠶᠢᠨ ᠬᠥᠭᠵᠢᠯᠲᠡ ᠶᠢ ᠬᠦᠴᠦᠲᠡᠢ ᠠᠬᠢᠭᠤᠯᠪᠠ᠃ ᠨᠢᠳᠤᠨᠤᠨ ᠲᠠ ᠳᠤᠮᠳᠠᠳᠤ ᠤᠯᠤᠰ ᠲᠤ ᠲᠦᠷᠦ ᠶᠢᠨ | ᠶᠠᠪᠤᠳᠠᠯ ᠤᠨ ᠠᠶᠢᠯᠴᠢᠯᠠᠯᠲᠠ ᠬᠢᠵᠦ᠂ ᠪᠢᠳᠡ ᠦᠶ᠎ᠡ ᠶᠢᠨ ᠦᠶ᠎ᠡ ᠳᠡᠭᠡᠨ ᠨᠥᠭᠦᠷᠰᠡᠭ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ᠂ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠭᠦᠷᠳᠡᠭᠦ ᠳᠤᠮᠳᠠᠳᠤ ᠲᠠᠵᠢᠺᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠴᠢᠷᠮᠠᠶᠢᠶ᠎ᠠ ᠭᠡᠵᠦ ᠲᠣᠭᠲᠠᠭᠰᠠᠨ ᠪᠢᠯᠡ᠃ | ᠰᠢᠨ᠎ᠡ ᠪᠠᠶᠢᠳᠠᠯ ᠳᠣᠣᠷ᠎ᠠ᠂ ᠳᠤᠮᠳᠠᠳᠤ ᠤᠯᠤᠰ ᠳᠤᠷᠠᠲᠠᠶ᠎ᠠ ᠲᠠᠵᠢᠺᠰᠲ᠋ᠠᠨ ᠤ ᠬᠢᠨ ᠲᠠᠢ ᠰᠢᠨ᠎ᠡ ᠴᠠᠭ ᠦᠶ᠎ᠡ ᠶᠢᠨ ᠳᠤᠮᠳᠠᠳᠤ ᠲᠠᠵᠢᠺᠰᠲ᠋ᠠᠨ ᠤ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠵᠦ᠂ ᠨᠡᠩ ᠥᠨᠳᠥᠷ ᠭᠠᠷᠤᠭ᠎ᠠ ᠠᠴᠠ ᠳᠤᠮᠳᠠᠳᠤ ᠲᠠᠵᠢᠺᠰᠲ᠋ᠠᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠶᠠᠷ ᠤᠯᠤᠰ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠴᠥᠭᠡᠳᠦᠷ ᠣᠷᠣᠢ ᠶᠡᠷᠦᠩᠬᠡᠶᠢᠯᠡᠭᠴᠢ ᠠᠪᠤᠭᠠᠢ ᠨᠢᠰᠬᠡᠯ ᠤᠨ ᠪᠠᠭᠤᠳᠠᠯ ᠳᠤ ᠬᠠᠮᠤᠭ ᠤᠨ ᠳᠡᠭᠡᠳᠦ ᠶᠣᠰᠣᠯᠠᠯ ᠪᠦᠬᠦᠢ ᠦᠪᠡᠳᠡᠭᠰᠢ ᠶᠡᠭᠡ | ᠤᠭᠲᠤᠬᠤ ᠶᠣᠰᠣᠯᠠᠯ ᠶᠠᠪᠤᠭᠤᠯᠵᠤ ᠨᠠᠮ᠎ᠠ ᠶᠢ ᠤᠭᠲᠤᠭᠰᠠᠨ ᠨᠢ ᠲᠠᠵᠢᠺᠰᠲ᠋ᠠᠨ ᠤ ᠵᠠᠰᠠᠭ ᠤᠨ ᠣᠷᠳᠣᠨ ᠪᠣᠯᠣᠨ ᠠᠷᠠᠳ ᠲᠦᠮᠡᠨ ᠤ ᠳᠤᠮᠳᠠᠳᠤ ᠤᠯᠤᠰ ᠲᠤ | ᠬᠠᠯᠠᠭᠤᠮᠰᠤᠭ ᠨᠥᠭᠦᠷᠰᠡᠭ ᠪᠠᠶᠢᠬᠤ ᠶᠢ ᠭᠦᠢᠴᠡᠳ ᠢᠯᠡᠷᠡᠭᠦᠯᠵᠦ᠂ ᠨᠠᠮ᠎ᠠ ᠶᠢ ᠶᠡᠬᠡᠳᠡ ᠳᠣᠭᠳᠣᠯᠤᠭᠤᠯᠪᠠ᠃ ᠳᠤᠮᠳᠠᠳᠤ ᠤᠯᠤᠰ ᠲᠠᠵᠢᠺᠰᠲ᠋ᠠᠨ ᠤ ᠤᠯᠤᠰ ᠤᠨ | ᠪᠦᠲᠦᠭᠡᠨ ᠪᠠᠶᠢᠭᠤᠯᠤᠯᠲᠠ ᠶᠢᠨ ᠣᠯᠣᠭᠰᠠᠨ ᠠᠮᠵᠢᠯᠲᠠ ᠳᠤ ᠪᠠᠶᠠᠷᠯᠠᠵᠤ ᠪᠠᠶᠢᠨ᠎ᠠ᠂ ᠳᠤᠮᠳᠠᠳᠤ ᠲᠠᠵᠢᠺᠰᠲ᠋ᠠᠨ ᠤ ᠨᠥᠭᠦᠷᠰᠡᠭ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠶᠢ ᠦᠷᠭᠦᠯᠵᠢᠯᠡᠨ ᠡᠷᠡᠰ ᠠᠬᠢᠭᠤᠯᠵᠤ᠂ ᠲᠠᠵᠢᠺᠰᠲ᠋ᠠᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ | ᠵᠠᠮᠨᠠᠬᠤ ᠶᠢ ᠲᠡᠮᠵᠢᠵᠤ᠂ ᠲᠠᠵᠢᠺᠰᠲ᠋ᠠᠨ ᠤ ᠤᠯᠤᠰ ᠤᠨ ᠲᠤᠰᠠᠭᠠᠷ ᠲᠣᠭᠲᠠᠨᠢᠯ᠂ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ | ᠬᠠᠮᠠᠭᠠᠯᠠᠬᠤ ᠳᠤ ᠭᠠᠷᠭᠠᠭᠰᠠᠨ ᠴᠢᠷᠮᠠᠶᠢᠯᠭ᠎ᠠ ᠶᠢ ᠲᠡᠮᠵᠢᠵᠤ᠂ ᠶᠠᠮᠠᠷᠪᠠ ᠭᠠᠳᠠᠭᠠᠳᠤ ᠬᠦᠴᠦᠨ ᠤ ᠶᠠᠮᠠᠷᠪᠠ ᠰᠢᠯᠲᠠᠭ ᠢᠶᠠᠷ ᠲᠠᠵᠢᠺᠰᠲ᠋ᠠᠨ ᠤ ᠳᠣᠲᠣᠭᠠᠳᠤ ᠶᠠᠪᠤᠳᠠᠯ ᠳᠤ | ᠭᠠᠷ ᠲᠦᠷᠦᠭᠦ ᠶᠢ ᠡᠷᠡᠰ ᠡᠰᠡᠷᠭᠦᠴᠡᠨ᠎ᠡ᠃ ᠳᠤᠮᠳᠠᠳᠤ ᠤᠯᠤᠰ ᠥᠨᠢ ᠡᠭᠦᠷᠢᠳᠡ ᠳᠠᠵᠢᠺᠰᠲ᠋ᠠᠨ ᠤ ᠢᠲᠡᠭᠡᠭᠦᠰᠢᠲᠡᠢ ᠨᠠᠶᠢᠵᠠ᠂ ᠬᠦᠨᠳᠦᠳᠬᠡᠭᠦᠰᠢᠲᠡᠢ ᠬᠠᠨᠢᠲᠠᠨ᠂ | ᠳᠣᠲᠣᠨᠣ ᠠᠬ᠎ᠠ ᠳᠡᠭᠦᠦ ᠪᠣᠯᠣᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ | ᠳᠣᠣᠷ᠎ᠠ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠶᠢᠰᠢ ᠤᠷᠤᠭᠰᠢᠯᠠᠵᠤ | ᠪᠠᠶᠢᠨ᠎ᠠ᠃ ᠳᠤᠮᠳᠠᠳᠤ ᠤᠯᠤᠰ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠶᠡᠭᠡ ᠪᠠᠷ ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠲᠠᠵᠢᠺᠰᠲ᠋ᠠᠨ ᠤ ᠬᠢᠨ ᠲᠠᠢ ᠬᠥᠭᠵᠢᠯᠲᠡ ᠶᠢᠨ ᠲᠤᠷᠰᠢᠯᠭ᠎ᠠ | ᠪᠣᠯᠣᠨ ᠠᠵᠠ ᠲᠣᠭᠢᠶᠠᠯ ᠢᠶᠠᠨ ᠰᠣᠯᠢᠯᠴᠠᠨ ᠬᠤᠪᠢᠶᠠᠯᠴᠠᠵᠤ᠂ ᠬᠤᠶᠠᠷ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠠᠬᠢᠭᠤᠯᠵᠤ᠂ | ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠶᠠᠰᠤ ᠴᠢᠨᠠᠷ ᠪᠣᠯᠣᠨ | ᠬᠡᠪᠴᠢᠶ᠎ᠡ ᠪᠠᠨ ᠳᠡᠭᠡᠭᠰᠢᠯᠡᠭᠦᠯᠵᠦ᠂ ᠬᠤᠯᠪᠣᠯᠳᠤᠨ ᠨᠡᠪᠲᠡᠷᠡᠯᠴᠡᠬᠦ ᠬᠠᠮᠲᠤᠷᠠᠯᠴᠠᠭ᠎ᠠ ᠪᠠᠨ ᠰᠢᠯᠢᠳᠡᠭᠵᠢᠭᠦᠯᠵᠦ᠂ ᠬᠥᠳᠡᠭᠡ ᠠᠵᠤ ᠠᠬᠤᠢ ᠶᠢᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠵᠠᠩᠭᠢᠯᠠᠭ᠎ᠠ ᠶᠢᠨ ᠠᠭᠤᠷᠬᠠᠢ ᠶᠢᠨ ᠡᠬᠢ ᠪᠠᠶᠠᠯᠢᠭ ᠤᠨ ᠬᠠᠮᠲᠤᠷᠠᠯᠴᠠᠭ᠎ᠠ ᠪᠠᠨ ᠥᠷᠭᠡᠳᠬᠡᠵᠦ᠂ ᠰᠢᠨ᠎ᠡ ᠡᠨᠧᠷᠭᠢ᠂ ᠲᠣᠭᠠᠴᠢᠯᠠᠭᠰᠠᠨ ᠠᠵᠤ | ᠠᠬᠤᠢ᠂ ᠵᠣᠬᠢᠶᠠᠮᠠᠯ ᠤᠶᠤᠨ ᠴᠢᠳᠠᠪᠤᠷᠢ᠂ ᠡᠯᠧᠺᠳ᠋ᠷᠣᠨ ᠬᠤᠳᠠᠯᠳᠤᠭ᠎ᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠲᠠᠵᠢᠺᠰᠲ᠋ᠠᠨ ᠤ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠥᠭᠵᠢᠭᠦᠯᠬᠦ ᠳᠤ ᠬᠦᠴᠦᠨ ᠨᠡᠮᠡᠷᠢᠯᠡᠨ᠎ᠡ᠃ ᠬᠤᠶᠠᠷ ᠲᠠᠯ᠎ᠠ ᠪᠠᠷ ᠢᠶᠠᠨ ᠬᠠᠤᠯᠢ ᠬᠡᠷᠡᠭᠵᠢᠭᠦᠯᠬᠦ ᠠᠮᠤᠷ | ᠲᠦᠪᠰᠢᠨ ᠤ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠭᠤᠷᠪᠠᠨ ᠵᠦᠢᠯ ᠤᠨ ᠬᠦᠴᠦᠨ︾ ᠳᠤ ᠬᠦᠴᠦᠲᠡᠢ ᠴᠣᠬᠢᠯᠲᠠ ᠥᠭᠴᠦ᠂ ᠬᠤᠶᠠᠷ | ᠤᠯᠤᠰ ᠤᠨ ᠬᠥᠭᠵᠢᠯᠲᠡ ᠶᠢᠨ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠶ᠎ᠠ᠃ ᠬᠤᠶᠠᠷ ᠲᠠᠯ᠎ᠠ ᠪᠠᠷ ᠢᠶᠠᠨ ᠪᠠᠰᠠ ᠵᠠᠯᠠᠭᠤᠴᠤᠳ᠂ ᠵᠠᠭᠤᠴᠢᠯᠠᠭᠤᠷ | ᠂ ᠤᠶᠤᠨ ᠤ ᠬᠥᠮᠥᠷᠭᠡ᠂ ᠡᠮᠡᠭᠲᠡᠶᠢᠴᠦᠳ᠂ ᠵᠢᠭᠤᠯᠴᠢᠯᠠᠯ ᠵᠡᠷᠭᠡ ᠰᠣᠶᠣᠯ ᠢᠷᠭᠡᠨᠰᠢᠯ ᠤᠨ ᠬᠠᠮᠲᠤᠷᠠᠯᠴᠠᠭ᠎ᠠ ᠪᠠᠨ ᠥᠷᠭᠡᠳᠬᠡᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ — ᠳᠤᠮᠳᠠᠳᠤ ᠠᠽᠢᠶ᠎ᠠ ᠶᠢᠨ ᠲᠣᠭᠲᠠᠴᠠ ᠪᠣᠯ ᠵᠢᠷᠭᠤᠭᠠᠨ ᠤᠯᠤᠰ ᠤᠨ ᠬᠠᠮᠲᠤ ᠶᠢᠨ ᠡᠭᠦᠳᠦᠯᠲᠡ ᠮᠥᠨ᠃ | ᠳᠤᠮᠳᠠᠳᠤ ᠤᠯᠤᠰ ᠳᠤᠷᠠᠲᠠᠶ᠎ᠠ ᠲᠠᠵᠢᠺᠰᠲ᠋ᠠᠨ ᠪᠣᠯᠣᠨ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ᠂ ᠳᠤᠮᠳᠠᠳᠤ ᠤᠯᠤᠰ — ᠳᠤᠮᠳᠠᠳᠤ | ᠠᠽᠢᠶ᠎ᠠ ᠶᠢᠨ ᠲᠣᠭᠲᠠᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠳᠤᠮᠳᠠᠳᠤ ᠤᠯᠤᠰ ᠤᠨ ᠳᠤᠮᠳᠠᠳᠤ ᠠᠽᠢᠶ᠎ᠠ ᠶᠢᠨ | ᠬᠠᠮᠲᠤᠷᠠᠯᠴᠠᠭ᠎ᠠ ᠶᠢᠨ ᠨᠡᠩ ᠤᠯᠠᠨ ᠪᠣᠳᠠᠲᠠᠢ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃ ᠳᠤᠮᠳᠠᠳᠤ ᠲᠠᠵᠢᠺᠰᠲ᠋ᠠᠨ ᠴᠥᠮ ᠬᠥᠭᠵᠢᠵᠦ ᠪᠠᠶᠢᠭ᠎ᠠ ᠤᠯᠤᠰ ᠮᠥᠨ᠂ | ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ︾ ᠤᠨ ᠥᠷᠭᠡᠨ ᠤᠯᠠᠨ ᠤᠯᠤᠰ ᠲᠠᠢ ᠬᠠᠮᠲᠤ ᠪᠠᠷ ᠪᠦᠯᠬᠦᠮᠳᠡᠯ ᠬᠠᠮᠵᠢᠯᠴᠠᠭ᠎ᠠ ᠪᠠᠨ ᠴᠢᠩᠭᠠᠳᠬᠠᠵᠤ᠂ | ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠠ ᠪᠠ ᠲᠦᠭᠡᠮᠡᠯ ᠬᠠᠷᠠᠭᠠᠯᠵᠠᠯᠲᠤ | ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠭᠠᠷ ᠬᠤᠯᠪᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠤᠶ᠎ᠠ ᠭᠡᠵᠦ ᠴᠢᠬᠤᠯᠠᠴᠢᠯᠠᠪᠠ᠃ | ᠯᠠᡁᠧᠮᠧᠩ᠂ ᠲᠡᠷᠢᠭᠦᠯᠡᠭᠴᠢ ᠰᠢ ᠶᠢᠨ ᠫᠢᠩ ᠲᠠᠵᠢᠺᠰᠲ᠋ᠠᠨ ᠳᠤ ᠠᠩᠬ᠎ᠠ ᠤᠳᠠᠭ᠎ᠠ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠠᠷᠪᠠᠨ ᠵᠢᠯ ᠤᠨ | ᠤᠢ ᠶᠢᠨ ᠲᠠᠰᠢᠷᠠᠮ ᠢᠶᠠᠷ ᠳᠠᠬᠢᠨᠲᠠ ᠠᠶᠢᠯᠴᠢᠯᠠᠬᠰᠠᠨ ᠨᠢ ᠴᠢᠬᠤᠯᠠ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠶᠤᠮ᠃ ᠳᠤᠮᠳᠠᠳᠤ ᠤᠯᠤᠰ ᠪᠣᠯᠣᠨ ᠳᠠᠵᠢᠺᠰᠲ᠋ᠠᠨ | ᠪᠣᠯ ᠨᠥᠭᠦᠷᠰᠡᠭ ᠬᠥᠷᠰᠢ ᠪᠠ ᠦᠨᠡᠨᠴᠢ ᠨᠠᠶᠢᠵᠠ ᠮᠥᠨ᠃ ᠪᠢ ᠪᠣᠯᠣᠨ ᠲᠡᠷᠢᠭᠦᠯᠡᠭᠴᠢ ᠰᠢ ᠶᠢᠨ ᠫᠢᠩ ᠤᠨ ᠪᠠᠶᠢᠯᠳᠤᠬᠤ ᠪᠣᠳᠣᠯᠭ᠎ᠠ ᠶᠢᠨ ᠳᠠᠭᠠᠭᠤᠯᠤᠯ ᠳᠣᠣᠷ᠎ᠠ᠂ | ᠣᠶᠢᠷ᠎ᠠ ᠶᠢᠨ ᠵᠢᠯ ᠠᠴᠠ ᠲᠠᠵᠢᠺᠰᠲ᠋ᠠᠨ ᠳᠤᠮᠳᠠᠳᠤ ᠬᠤᠶᠠᠷ ᠤᠯᠤᠰ ᠤᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠪᠠᠨ ᠪᠠᠲᠤᠯᠠᠵᠤ᠂ ᠡᠯ᠎ᠡ ᠬᠦᠷᠢᠶᠡᠨ ᠤ | ᠬᠠᠮᠲᠤᠷᠠᠯᠴᠠᠭ᠎ᠠ ᠢᠳᠡᠪᠬᠢᠲᠡᠢ ᠦᠷ᠎ᠡ ᠪᠦᠲᠦᠭᠡᠯ ᠣᠯᠵᠤ᠂ ᠤᠯᠠᠨ ᠲᠠᠯᠠᠲᠤ ᠪᠠᠶᠢᠭᠤᠯᠤᠮᠵᠢ ᠳᠤᠮᠳᠠ ᠥᠨᠳᠥᠷ ᠲᠦᠪᠰᠢᠨ ᠪᠦᠬᠦᠢ ᠣᠯᠣᠯᠴᠠᠭ᠎ᠠ ᠬᠠᠮᠵᠢᠯᠴᠠᠭ᠎ᠠ ᠪᠠᠨ | ᠪᠠᠲᠤᠯᠠᠪᠠ᠃ ᠲᠠᠵᠢᠺᠰᠲ᠋ᠠᠨ ᠳᠤᠮᠳᠠᠳᠤ ᠶᠢᠨ ᠬᠠᠷᠢᠯᠴᠠᠭ᠎ᠠ ᠶᠢ ᠤᠯᠤᠰ ᠬᠢᠭᠡᠳ ᠤᠯᠤᠰ ᠤᠨ ᠬᠠᠷᠢᠯᠴᠠᠭᠠᠨ ᠤ ᠨᠡᠶᠢᠲᠡᠯᠢᠭ ᠵᠢᠱᠢᠶ᠎ᠡ ᠭᠡᠵᠦ ᠬᠡᠯᠡᠵᠦ ᠪᠣᠯᠣᠨ᠎ᠠ᠃ | ᠲᠡᠷᠢᠭᠦᠯᠡᠭᠴᠢ ᠰᠢ ᠶᠢᠨ ᠫᠢᠩ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠬᠠᠶᠢᠷ᠎ᠠ ᠬᠦᠨᠳᠦᠳᠬᠡᠯ ᠪᠠ ᠳᠡᠯᠡᠬᠡᠢ ᠶᠢᠨ ᠠᠷᠠᠳ ᠲᠦᠮᠡᠨ ᠤ ᠪᠢᠰᠢᠷᠡᠯ | ᠬᠦᠨᠳᠦᠳᠬᠡᠯ ᠢ ᠣᠯᠣᠭᠰᠠᠨ ᠳᠡᠯᠡᠬᠡᠢ ᠶᠢᠨ ᠲᠡᠰ ᠤᠨ ᠤᠳᠤᠷᠢᠳᠬᠤ ᠬᠥᠮᠥᠨ ᠮᠥᠨ᠃ ᠰᠢᠨ᠎ᠡ ᠴᠠᠭ ᠦᠶ᠎ᠡ ᠳᠤ ᠣᠷᠣᠭᠰᠠᠨ ᠠᠴᠠ ᠨᠠᠭᠠᠰᠢ᠂ ᠲᠡᠷᠢᠭᠦᠯᠡᠭᠴᠢ | ᠰᠢ ᠶᠢᠨ ᠫᠢᠩ ᠤᠨ ᠥᠨᠳᠥᠷ ᠲᠤ ᠵᠣᠭᠰᠣᠨ ᠠᠯᠤᠰ ᠢ ᠪᠠᠷᠠᠯᠠᠭᠰᠠᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠠᠭᠤᠤ ᠶᠡᠭᠡ ᠬᠥᠭᠵᠢᠯᠲᠡ ᠶᠢᠨ | ᠠᠮᠵᠢᠯᠲᠠ ᠪᠦᠲᠦᠮᠵᠢ ᠣᠯᠵᠤ᠂ ᠳᠤᠮᠳᠠᠳᠤ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠭᠰᠡᠨ ᠢᠶᠠᠷ ᠪᠠᠷᠠᠬᠤ ᠦᠭᠡᠢ᠂ ᠪᠠᠰᠠ ᠭᠠᠵᠠᠷ ᠣᠷᠣᠨ ᠪᠣᠯᠣᠨ | ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠯᠤᠭ᠎ᠠ ᠰᠢᠨ᠎ᠡ ᠴᠠᠭ | ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠴᠢᠩᠭᠠᠳᠬᠠᠬᠤ ᠪᠣᠯ ᠲᠠᠵᠢᠺᠰᠲ᠋ᠠᠨ ᠤ ᠬᠢᠨ ᠤ ᠡᠩ | ᠲᠡᠷᠢᠭᠦᠨ ᠳᠤ ᠪᠣᠳᠣᠯᠬᠢᠯᠠᠬᠤ ᠲᠦᠷᠦ ᠶᠢᠨ ᠪᠣᠳᠣᠯᠭ᠎ᠠ ᠶᠢᠨ ᠴᠢᠭᠯᠡᠯ ᠮᠥᠨ᠃ ᠲᠠᠵᠢᠺᠰᠲ᠋ᠠᠨ ᠤ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠭᠤᠶᠢᠪᠢᠰᠢ ᠦᠭᠡᠢ | ᠪᠠᠷᠢᠮᠲᠠᠯᠠᠵᠤ᠂ ᠶᠠᠮᠠᠷᠪᠠ ᠭᠡᠯᠪᠡᠷᠢ ᠶᠢᠨ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ᠂ ᠳᠤᠮᠳᠠᠳᠤ ᠤᠯᠤᠰ ᠤᠨ ᠡᠷᠬᠡ ᠮᠡᠳᠡᠯ ᠪᠣᠯᠣᠨ ᠨᠤᠲᠤᠭ | ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ᠂ ᠤᠯᠤᠰ ᠤᠨ ᠨᠢᠭᠡᠳᠦᠯ ᠢ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠠᠯᠢᠪᠠ ᠴᠢᠷᠮᠠᠶᠢᠯᠭ᠎ᠠ ᠶᠢ ᠡᠷᠡᠰ | ᠳᠡᠮᠵᠢᠨ᠎ᠠ᠃ ᠲᠠᠵᠢᠺᠰᠲ᠋ᠠᠨ ᠤ ᠬᠢᠨ ᠳᠤᠷᠠᠲᠠᠶ᠎ᠠ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠯᠲᠠ ᠶᠢᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠᠷ ᠴᠢᠬᠤᠯᠠ | ᠠᠵᠠ ᠲᠣᠭᠢᠶᠠᠯ ᠪᠤᠯᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠴᠢᠨᠠᠭᠰᠢᠳᠠ ᠠᠬᠢᠭᠤᠯᠵᠤ᠂ ᠬᠤᠯᠪᠣᠯᠳᠤᠨ | ᠨᠡᠪᠲᠡᠷᠡᠯᠴᠡᠬᠦ᠂ ᠬᠥᠳᠡᠭᠡ ᠠᠵᠤ ᠠᠬᠤᠢ᠂ ᠵᠠᠩᠭᠢᠯᠠᠭ᠎ᠠ ᠶᠢᠨ ᠠᠭᠤᠷᠬᠠᠢ ᠶᠢᠨ ᠭᠠᠷᠤᠯᠲᠠ᠂ ᠰᠢᠨ᠎ᠡ ᠡᠨᠧᠷᠭᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠲᠠᠵᠢᠺᠰᠲ᠋ᠠᠨ ᠤ ᠬᠢᠨ ᠤ ᠠᠵᠤ ᠦᠢᠯᠡᠳᠪᠦᠷᠢᠵᠢᠯᠲᠡ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠲᠠᠵᠢᠺᠰᠲ᠋ᠠᠨ | ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠭᠤᠷᠪᠠᠨ ᠵᠦᠢᠯ ᠤᠨ ᠬᠦᠴᠦᠨ︾ ᠳᠤ | ᠡᠷᠡᠰ ᠴᠣᠬᠢᠯᠲᠠ ᠥᠭᠴᠦ᠂ ᠬᠤᠶᠠᠷ ᠤᠯᠤᠰ ᠤᠨ ᠬᠠᠮᠲᠤ ᠶᠢᠨ ᠠᠮᠤᠷ ᠲᠦᠪᠰᠢᠨ ᠢ ᠬᠠᠮᠠᠭᠠᠯᠠᠨ᠎ᠠ᠃ ᠦᠢᠮᠡᠭᠡᠨ ᠳᠡᠪᠵᠢᠶᠡᠨ ᠲᠠᠢ ᠳᠡᠯᠡᠬᠡᠢ ᠶᠢᠨ ᠪᠠ ᠭᠠᠵᠠᠷ | ᠣᠷᠣᠨ ᠤ ᠪᠠᠶᠢᠳᠠᠯ ᠤᠨ ᠡᠮᠦᠨ᠎ᠡ᠂ ᠲᠠᠵᠢᠺᠰᠲ᠋ᠠᠨ ᠤ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠰᠢᠷᠢᠰ ᠰᠠᠨᠠᠭᠠᠴᠢᠯᠠᠭ᠎ᠠ ᠶᠢ | ᠡᠷᠡᠰ ᠳᠡᠮᠵᠢᠬᠦ ᠶᠢᠨ ᠬᠠᠮᠲᠤ ᠢᠳᠡᠪᠬᠢᠲᠡᠢ ᠨᠠᠶᠢᠳᠠᠪᠤᠷᠢᠵᠢᠭᠤᠯᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠳᠤᠮᠳᠠᠳᠤ ᠤᠯᠤᠰ — | ᠳᠤᠮᠳᠠᠳᠤ ᠠᠽᠢᠶ᠎ᠠ ᠶᠢᠨ ᠲᠣᠭᠲᠠᠴᠠ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯ᠎ᠠ ᠶᠢᠨ ᠪᠣᠷᠣ ᠲᠥᠯᠥᠪ ᠤᠨ ᠳᠣᠲᠣᠷᠠᠬᠢ ᠵᠣᠬᠢᠴᠠᠭᠤᠯᠭ᠎ᠠ | ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠠᠷᠢᠯᠴᠠᠨ ᠡᠷᠡᠰ ᠲᠡᠮᠵᠢᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠳᠡᠯᠡᠬᠡᠢ ᠶᠢᠨ ᠲᠥᠪ ᠭᠤᠣᠯᠴᠢ | ᠰᠢᠳᠤᠷᠭᠤ ᠶᠣᠰᠣ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠲᠤ ᠪᠠᠷ ᠬᠠᠮᠠᠭᠠᠯᠠᠨ᠎ᠠ᠃ ᠲᠡᠷᠢᠭᠦᠯᠡᠭᠴᠢ ᠰᠢ ᠶᠢᠨ ᠫᠢᠩ ᠤᠨ | ᠡᠨᠡ ᠤᠳᠠᠭ᠎ᠠ ᠶᠢᠨ ᠠᠶᠢᠯᠴᠢᠯᠠᠯᠲᠠ ᠯᠠᠪᠲᠠᠢ ᠲᠠᠵᠢᠺᠰᠲ᠋ᠠᠨ ᠳᠤᠮᠳᠠᠳᠤ ᠶᠢᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠨᠡᠩ ᠥᠨᠳᠥᠷ ᠲᠦᠪᠰᠢᠨ ᠲᠡᠶᠢᠰᠢ ᠬᠥᠭᠵᠢᠬᠦ ᠶᠢ ᠬᠦᠴᠦᠲᠡᠢ ᠠᠬᠢᠭᠤᠯᠵᠤ᠂ ᠬᠤᠶᠠᠷ ᠤᠯᠤᠰ ᠤᠨ ᠠᠷᠠᠳ | ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠡ ᠭᠡᠳᠡᠭ ᠢ ᠲᠠᠵᠢᠺᠰᠲ᠋ᠠᠨ ᠤ ᠬᠢᠨ ᠪᠠᠲᠤ ᠢᠲᠡᠭᠡᠵᠦ ᠪᠠᠶᠢᠨ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ | ᠨᠠᠶᠢᠷᠠᠮᠳᠠᠬᠤ ᠲᠠᠵᠢᠺᠰᠲ᠋ᠠᠨ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ | ᠬᠥᠭᠵᠢᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠭᠰᠠᠨ ᠪᠥᠭᠡᠳ ᠠᠵᠤ ᠠᠬᠤᠢ ᠠᠷᠠᠯᠵᠢᠶ᠎ᠠ᠂ ᠪᠡᠯᠡ ᠣᠷᠣᠭᠤᠯᠤᠯᠲᠠ᠂ | ᠬᠤᠯᠪᠣᠯᠳᠤᠨ ᠨᠡᠪᠲᠡᠷᠡᠯᠴᠡᠬᠦ᠂ ᠵᠠᠩᠭᠢᠯᠠᠭ᠎ᠠ ᠶᠢᠨ ᠠᠭᠤᠷᠬᠠᠢ ᠶᠢᠨ ᠭᠠᠷᠤᠯᠲᠠ᠂ ᠠᠮᠤᠷ ᠲᠦᠪᠰᠢᠨ᠂ ᠰᠣᠶᠣᠯ ᠢᠷᠭᠡᠨᠰᠢᠯ ᠵᠡᠷᠭᠡ ᠬᠦᠷᠢᠶᠡᠨ ᠤ ᠬᠡᠳᠦᠨ ᠠᠷᠪᠠᠨ | ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠰᠣᠯᠢᠯᠴᠠᠬᠤ ᠶᠢ ᠬᠠᠮᠲᠤ ᠪᠠᠷ ᠭᠡᠷᠡᠴᠢᠯᠡᠪᠡ᠃ | ᠲᠤᠰ ᠣᠷᠣᠢ ᠰᠢ ᠶᠢᠨ ᠫᠢᠩ ᠯᠠᠾᠧᠮᠧᠩ ᠤᠨ ᠦᠪᠡᠳᠡᠭᠰᠢ ᠶᠡᠭᠡ ᠤᠭᠲᠤᠬᠤ ᠳᠠᠶᠢᠯᠠᠯᠭ᠎ᠠ ᠳᠤ ᠣᠷᠣᠯᠴᠠᠪᠠ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | | | |