ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠠᠵᠢᠯ ᠵᠡᠷᠭᠡ ᠶᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/7/11
      ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ      ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ      ︽ᠰᠢᠨ᠎ᠡ ᠶᠢ ᠡᠭᠦᠳᠦᠭᠰᠡᠨ ᠡᠮ ᠤᠨ ᠬᠥᠭᠵᠢᠯᠲᠡ ᠶᠢ ᠪᠦᠬᠦ ᠬᠡᠯᠬᠢᠶ᠎ᠡ ᠪᠠᠷ ᠳᠡᠮᠵᠢᠬᠦ ᠲᠤᠬᠠᠢ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ ᠪᠠᠲᠤᠯᠠᠪᠠ      ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠢ ᠶᠠᠷᠢᠯᠴᠠᠪᠠ      ᠲᠢᠶᠠᠨᠵᠢᠨ ᠤ ᠪᠢᠨ ᠬᠠᠢ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠪᠠ      2023 ᠣᠨ ᠤ ᠲᠥᠪ ᠤᠨ ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠳᠤ ᠪᠠᠶᠢᠴᠠᠭᠠᠨ ᠭᠠᠷᠭᠠᠭᠰᠠᠨ ᠭᠤᠣᠯ ᠠᠰᠠᠭᠤᠳᠠᠯ ᠵᠢᠴᠢ ᠠᠩᠬ᠎ᠠ ᠠᠯᠬᠤᠮ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 7 ᠳ᠋ᠤᠭᠠᠷ ᠰᠠᠷ᠎ᠠ ᠶᠢᠨ 5 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠤ᠂ ︽ᠰᠢᠨ᠎ᠡ ᠶᠢ ᠡᠭᠦᠳᠦᠭᠰᠡᠨ ᠡᠮ ᠤᠨ ᠬᠥᠭᠵᠢᠯᠲᠡ ᠶᠢ ᠪᠥᠬᠦ ᠬᠡᠯᠬᠢᠶ᠎ᠡ ᠪᠠᠷ ᠳᠡᠮᠵᠢᠬᠦ ᠲᠤᠬᠠᠢ ᠬᠡᠷᠡᠭᠵᠢᠭᠦᠯᠬᠦ ᠲᠥᠰᠥᠯ ︾ ᠢ ᠬᠢᠨᠠᠨ ᠵᠥᠪᠯᠡᠵᠦ ᠪᠠᠲᠤᠯᠠᠨ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠢ ᠶᠠᠷᠢᠯᠴᠠᠵᠤ᠂ ᠲᠢᠶᠠᠨᠵᠢᠨ ᠤ ᠪᠢᠨ ᠬᠠᠢ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠵᠤ᠂ 2023 ᠣᠨ ᠤ ᠲᠥᠪ ᠤᠨ ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠳᠤ ᠪᠠᠶᠢᠴᠠᠭᠠᠨ ᠭᠠᠷᠭᠠᠭᠰᠠᠨ ᠭᠤᠣᠯ ᠠᠰᠠᠭᠤᠳᠠᠯ ᠵᠢᠴᠢ ᠠᠩᠬ᠎ᠠ ᠠᠯᠬᠤᠮ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠳᠤ᠂ ᠪᠦᠬᠦ ᠲᠠᠯ᠎ᠠ ᠶᠢᠨ ᠥᠨᠳᠥᠷᠴᠡ ᠠᠴᠠ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠠᠨᠢᠨ ᠠᠬᠢᠭᠤᠯᠵᠤ᠂ ᠲᠣᠭᠠᠴᠢᠯᠠᠭᠰᠠᠨ ᠮᠡᠷᠭᠡᠵᠢᠯ ᠪᠠ ᠪᠣᠳᠠᠲᠤ ᠴᠣᠭᠴᠠᠲᠤ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠲᠣᠭᠠᠴᠢᠯᠠᠭᠰᠠᠨ ᠠᠵᠤ ᠦᠢᠯᠡᠰᠵᠢᠯᠲᠡ᠂ ᠠᠵᠤ ᠦᠢᠯᠡᠰ ᠤᠨ ᠲᠣᠭᠠᠴᠢᠯᠠᠯᠲᠠ ᠶᠢ ᠠᠬᠢᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠪᠠᠷ ᠡᠷᠴᠢᠮᠯᠡᠬᠦ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠂ ᠳ᠋ᠠᠶᠢᠲ᠋ᠠ ᠶᠢᠨ ᠰᠠᠭᠤᠷᠢ ᠳᠦᠷᠢᠮ ᠪᠠ ᠲᠣᠭᠠᠴᠢᠯᠠᠭᠰᠠᠨ ᠰᠠᠭᠤᠷᠢ ᠪᠡᠯᠡᠳᠬᠡᠮᠵᠢ ᠶᠢ ᠬᠠᠮᠵᠢᠯᠴᠠᠨ ᠲᠡᠭᠦᠯᠳᠡᠷᠵᠢᠭᠦᠯᠵᠦ᠂ ᠳ᠋ᠠᠶᠢᠲ᠋ᠠ ᠶᠢᠨ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠢ ᠠᠬᠢᠭᠤᠯᠬᠤ ᠬᠡᠷᠡᠭᠲᠡᠢ᠃ ᠲᠠᠪᠴᠠᠩ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠲᠠᠪᠴᠠᠩ ᠤᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠳᠤ ᠵᠢᠭᠠᠵᠤ ᠭᠠᠷᠭᠠᠭᠰᠠᠨ ᠨᠢ᠂ ᠰᠢᠨ᠎ᠡ ᠶᠢ ᠡᠭᠦᠳᠦᠭᠰᠡᠨ ᠡᠮ ᠢ ᠬᠥᠭᠵᠢᠭᠦᠯᠬᠦ ᠨᠢ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠲᠠᠢ ᠬᠤᠯᠪᠣᠭᠳᠠᠵᠤ᠂ ᠠᠷᠠᠳ ᠲᠦᠮᠡᠨ ᠤ ᠡᠷᠡᠭᠦᠯ ᠮᠡᠨᠳᠦ ᠪᠤᠶᠠᠨ ᠵᠢᠷᠭᠠᠯ ᠲᠠᠢ ᠬᠤᠯᠪᠣᠭᠳᠠᠨ᠎ᠠ᠃ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠪᠥᠬᠦ ᠬᠡᠯᠬᠢᠶ᠎ᠡ ᠪᠠᠷ ᠴᠢᠩᠭᠠᠳᠬᠠᠵᠤ᠂ ᠦᠨ᠎ᠡ ᠬᠠᠩᠰᠢ ᠶᠢᠨ ᠬᠠᠮᠢᠶᠠᠷᠤᠯᠲᠠ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ᠂ ᠬᠤᠳᠠᠯᠳᠤᠭᠠᠨ ᠤ ᠳᠠᠭᠠᠳᠬᠠᠯ᠂ ᠡᠮ ᠤᠨ ᠵᠦᠢᠯᠡᠰ ᠢ ᠲᠣᠬᠢᠷᠠᠭᠤᠯᠤᠨ ᠬᠡᠷᠡᠭᠯᠡᠬᠦ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠰᠢᠭᠯᠠᠵᠤ᠂ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠪᠠ ᠡᠮᠴᠢᠯᠡᠭᠡᠨ ᠤ ᠪᠠᠶᠢᠭᠤᠯᠤᠮᠵᠢ ᠶᠢᠨ ᠬᠢᠨᠠᠨ ᠰᠢᠯᠭᠠᠬᠤ ᠲᠣᠭᠲᠠᠴᠠ ᠶᠢ ᠰᠢᠯᠢᠳᠡᠭᠵᠢᠭᠦᠯᠦᠨ᠂ ᠰᠢᠨ᠎ᠡ ᠶᠢ ᠡᠭᠦᠳᠦᠭᠰᠡᠨ ᠡᠮ ᠤᠨ ᠵᠦᠢᠯᠡᠰ ᠤᠨ ᠰᠢᠪᠲᠤᠯᠤᠨ ᠬᠥᠭᠵᠢᠬᠦ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃ ᠡᠯ᠎ᠡ ᠲᠠᠯ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠲᠠᠶᠢᠴᠢᠯᠠᠵᠤ᠂ ᠰᠢᠨ᠎ᠡ ᠡᠮ ᠤᠨ ᠰᠢᠨ᠎ᠡ ᠶᠢ ᠡᠭᠦᠳᠬᠦ ᠰᠠᠭᠤᠷᠢ ᠰᠤᠳᠤᠯᠭᠠᠨ ᠢ ᠴᠢᠩᠭᠠᠳᠬᠠᠵᠤ᠂ ᠮᠠᠨ ᠤ ᠤᠯᠤᠰ ᠤᠨ ᠰᠢᠨ᠎ᠡ ᠶᠢ ᠡᠭᠦᠳᠦᠭᠰᠡᠨ ᠡᠮ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠡᠢ᠃      ᠬᠤᠷᠠᠯ ᠳᠤ᠂ ᠪᠠᠷᠠᠭᠤᠨ ᠬᠡᠰᠡᠭ ᠤᠨ ᠭᠠᠵᠠᠷ ᠣᠷᠣᠨ ᠨᠢ ᠪᠦᠬᠦ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠭᠦᠷᠭᠡ ᠪᠠᠨ ᠨᠠᠷᠢᠯᠢᠭᠵᠢᠭᠤᠯᠤᠨ ᠬᠤᠪᠢᠶᠠᠷᠢᠯᠠᠵᠤ᠂ ᠨᠠᠶᠢᠳᠠᠪᠤᠷᠢᠵᠢᠭᠤᠯᠤᠯᠲᠠ ᠶᠢ ᠵᠦᠢᠯ ᠳᠠᠷᠠᠭᠠᠯᠠᠨ ᠰᠠᠶᠢᠲᠤᠷ ᠠᠳᠬᠤᠨ᠂ ᠰᠠᠨᠠᠭᠠᠴᠢᠯᠠᠭ᠎ᠠ ᠠᠴᠠ ᠪᠠᠨ ᠢᠳᠡᠪᠬᠢᠲᠡᠢ ᠦᠢᠯᠡᠴᠢᠯᠡᠵᠦ᠂ ᠪᠠᠷᠠᠭᠤᠨ ᠬᠡᠰᠡᠭ ᠤᠨ ᠭᠠᠵᠠᠷ ᠣᠷᠣᠨ ᠤ ᠣᠷᠣᠨ ᠪᠦᠰᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠦᠷᠭᠦᠯᠵᠢᠯᠡᠬᠦ᠋ᠢᠴᠡ ᠬᠥᠭᠵᠢᠯᠲᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠳᠡᠮᠵᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠳᠤ ᠵᠢᠭᠠᠵᠤ ᠭᠠᠷᠭᠠᠭᠰᠠᠨ ᠨᠢ᠂ ᠪᠢᠨ ᠬᠠᠢ ᠰᠢᠨ᠎ᠡ ᠲᠣᠭᠤᠷᠢᠭ ᠪᠣᠯ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠦᠢᠯᠡᠴᠢᠯᠡᠬᠦ ᠴᠢᠬᠤᠯᠠ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠪᠣᠯᠣᠨ᠎ᠠ᠃ ᠪᠢᠨ ᠬᠠᠢ ᠰᠢᠨ᠎ᠡ ᠲᠣᠭᠤᠷᠢᠭ ᠬᠢᠭᠡᠳ ᠪᠡᠭᠡᠵᠢᠩ ᠾᠧᠪᠧᠢ ᠶᠢᠨ ᠬᠠᠮᠢᠶ᠎ᠠ ᠪᠦᠬᠦᠢ ᠭᠠᠵᠠᠷ ᠣᠷᠣᠨ ᠯᠤᠭ᠎ᠠ ᠲᠦᠷᠦ ᠶᠢᠨ ᠪᠣᠳᠣᠯᠭ᠎ᠠ ᠶᠢᠨ ᠵᠣᠯᠭᠠᠯᠴᠠᠭ᠎ᠠ᠂ ᠲᠥᠰᠥᠯ ᠢ ᠬᠠᠮᠲᠤᠷᠠᠨ ᠪᠠᠶᠢᠭᠤᠯᠬᠤ ᠶᠢ ᠴᠢᠩᠭᠠᠳᠬᠠᠵᠤ᠂ ᠳᠠᠪᠠᠭᠤᠯᠢᠭ ᠲᠤ ᠪᠠᠨ ᠲᠦᠰᠢᠭᠯᠡᠨ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠵᠤ᠂ ᠭᠠᠷᠠᠮ ᠤᠨ ᠤᠰᠤᠨ ᠵᠠᠮ ᠤᠨ ᠴᠢᠳᠠᠪᠬᠢ ᠪᠠᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠦᠨ᠂ ᠪᠡᠭᠡᠵᠢᠩ ᠲᠢᠶᠠᠨᠵᠢᠨ ᠾᠧᠪᠧᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠤ ᠡᠬᠢ ᠰᠤᠷᠪᠤᠯᠵᠢ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠳᠤ ᠲᠤᠯᠭᠠᠭᠤᠷᠢᠯᠠᠬᠤ ᠬᠡᠷᠡᠭᠲᠡᠢ ᠭᠡᠵᠡᠢ       ᠬᠤᠷᠠᠯ ᠳᠤ᠂ 2023 ᠣᠨ ᠤ ᠲᠥᠪ ᠤᠨ ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠳᠤ ᠪᠠᠶᠢᠴᠠᠭᠠᠵᠤ ᠭᠠᠷᠭᠠᠭᠰᠠᠨ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠴᠢᠩᠭᠠᠳᠬᠠᠵᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠨᠡᠬᠡᠮᠵᠢᠯᠡᠨ ᠠᠪᠴᠢᠷᠠᠬᠤ ᠴᠢᠬᠤᠯᠠᠲᠠᠢ ᠪᠡᠯᠡ ᠮᠥᠩᠭᠦ ᠶᠢ ᠴᠠᠭ ᠲᠤᠬᠠᠢ ᠳᠤ ᠨᠢ ᠨᠡᠬᠡᠮᠵᠢᠯᠡᠨ ᠠᠪᠴᠢᠷᠠᠵᠤ᠂ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠢ ᠠᠰᠠᠭᠤᠳᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠳᠦᠷᠢᠮ ᠢ ᠲᠡᠭᠦᠯᠳᠡᠷᠵᠢᠭᠦᠯᠬᠦ ᠴᠢᠬᠤᠯᠠᠲᠠᠢ ᠶᠢ ᠨᠢ ᠲᠦᠷᠭᠡᠬᠡᠨ ᠲᠡᠭᠦᠯᠳᠡᠷᠵᠢᠭᠦᠯᠬᠦ ᠬᠡᠷᠡᠭᠲᠡᠢ ᠃ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠠᠵᠢᠯ ᠢᠶᠠᠨ ᠰᠠᠶᠢᠵᠢᠷᠠᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠂ ᠴᠡᠭᠴᠡᠯᠡᠨ ᠰᠠᠶᠢᠵᠢᠷᠠᠭᠤᠯᠬᠤ ᠪᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ᠃  
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ