ᠰᠢ ᠶᠢᠨ ᠫᠢᠩ ᠬᠠᠩᠭᠠᠷᠢ ᠶᠢᠨ ᠶᠡᠷᠦᠩᠬᠡᠢ ᠰᠠᠶᠢᠳ ᠡᠸᠦ᠋ᠷᠪᠠᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/11
      ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 8 ᠤ ᠴᠠᠭᠢᠯᠭᠠᠨ ᠮᠡᠳᠡᠭᠡ 7 ᠰᠠᠷ᠎ᠠ ᠶᠢᠨ 8 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠬᠠᠩᠭᠠᠷᠢ ᠶᠢᠨ ᠶᠡᠷᠦᠩᠬᠡᠢ ᠰᠠᠶᠢᠳ ᠡᠸᠦ᠋ᠷᠪᠠᠨ ᠲᠠᠢ ᠠᠭᠤᠯᠵᠠᠪᠠ
6385614284516731899714346.jpg      7 ᠰᠠᠷ᠎ᠠ ᠶᠢᠨ 8 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ
ᠪᠠᠭᠤᠳᠠᠯ ᠳᠤ ᠬᠠᠩᠭᠠᠷᠢ ᠶᠢᠨ ᠶᠡᠷᠦᠩᠬᠡᠢ ᠰᠠᠶᠢᠳ ᠡᠸᠦ᠋ᠷᠪᠠᠨ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ      ᠰᠢ ᠶᠢᠨ ᠫᠢᠩ᠂ ᠬᠤᠶᠠᠷ ᠰᠠᠷ᠎ᠠ ᠶᠢᠨ ᠡᠮᠦᠨ᠎ᠡ᠂ ᠪᠢ ᠬᠠᠩᠭᠠᠷᠢ ᠳᠤ ᠠᠮᠵᠢᠯᠲᠠ ᠲᠠᠢ ᠪᠠᠷ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠪᠢᠳᠡ ᠳᠤᠮᠳᠠᠳᠤ ᠬᠠᠩᠭᠠᠷᠢ ᠶᠢᠨ ᠬᠠᠷᠢᠯᠴᠠᠭ᠎ᠠ ᠶᠢ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠭᠦ ᠪᠠᠷ ᠨᠡᠶᠢᠲᠡᠯᠡᠭᠰᠡᠨ ᠨᠢ ᠡᠨᠡ ᠵᠢᠯ ᠤᠨ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠳᠤ ᠰᠢᠨ᠎ᠡ ᠲᠡᠦᠬᠡᠲᠦ ᠠᠴᠢ ᠬᠤᠯᠪᠣᠭᠳᠠᠯ ᠲᠠᠢ ᠪᠣᠯᠤᠭᠰᠠᠨ ᠪᠥᠭᠡᠳ ᠳᠤᠮᠳᠠᠳᠤ ᠬᠠᠩᠭᠠᠷᠢ ᠶᠢᠨ ᠬᠠᠷᠢᠯᠴᠠᠭ᠎ᠠ ᠶᠢᠨ ᠥᠨᠳᠥᠷ ᠲᠦᠪᠰᠢᠨ ᠪᠦᠬᠦᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠳᠠᠷᠠᠭ᠎ᠠ ᠭᠠᠷᠠᠭ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠪᠡᠭᠡᠵᠢᠩ ᠳᠤ ᠬᠤᠷᠠᠯᠳᠤᠵᠤ᠂ ᠳᠤᠮᠳᠠᠳᠤ ᠤᠯᠤᠰ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠪᠣᠯᠣᠨ᠎ᠠ᠃ ᠡᠨᠡ ᠨᠢ ᠳᠤᠮᠳᠠᠳᠤ ᠬᠠᠩᠭᠠᠷᠢ ᠶᠢᠨ ᠬᠠᠮᠲᠤᠷᠠᠯᠴᠠᠭ᠎ᠠ ᠳᠤ ᠰᠢᠨ᠎ᠡ ᠠᠵᠠ ᠲᠣᠭᠢᠶᠠᠯ ᠬᠠᠩᠭᠠᠵᠤ᠂ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠬᠦ ᠪᠣᠯᠣᠨ᠎ᠠ᠃ ᠬᠤᠶᠠᠷ ᠲᠠᠯ᠎ᠠ ᠪᠠᠷ ᠢᠶᠠᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ ᠤᠯᠤᠰ ᠲᠥᠷᠥ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠦᠷᠭᠦᠯᠵᠢᠯᠡᠨ ᠡᠷᠡᠰ ᠳᠡᠮᠵᠢᠯᠴᠡᠵᠦ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠳᠤᠮᠳᠠᠳᠤ ᠬᠠᠩᠭᠠᠷᠢ ᠶᠢᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠦᠷᠭᠦᠯᠵᠢᠯᠡᠨ ᠪᠠᠶᠠᠯᠢᠭᠵᠢᠭᠤᠯᠵᠤ᠂ ᠠᠷᠠᠳ ᠲᠦᠮᠡᠨ ᠳᠤ ᠨᠠᠩ ᠰᠠᠶᠢᠨ ᠢᠶᠠᠷ ᠪᠤᠶᠠᠨ ᠦᠢᠯᠡᠳᠦᠶ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠩ ᠬᠠᠩᠭᠠᠷᠢ ᠶᠢᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠳᠤ ᠪᠠᠶᠠᠷ ᠬᠦᠷᠭᠡᠪᠡ ᠃ ᠰᠢ ᠶᠢᠨ ᠫᠢᠩ᠂ ᠳᠤᠮᠳᠠᠳᠤ ᠡᠸᠦ᠋ᠷᠦᠫᠡ ᠶᠢᠨ ᠬᠤᠭᠤᠷᠣᠨᠳᠤ ᠭᠠᠵᠠᠷ ᠣᠷᠣᠨ ᠠᠴᠠ ᠰᠢᠯᠲᠠᠭᠠᠯᠠᠭᠰᠠᠨ ᠤᠯᠤᠰ ᠲᠦᠷᠦ ᠶᠢᠨ ᠵᠥᠷᠢᠴᠡᠯ ᠪᠠᠶᠢᠬᠤ ᠦᠭᠡᠢ᠂ ᠦᠨᠳᠦᠰᠦᠨ ᠠᠰᠢᠭ ᠲᠤᠰᠠ ᠶᠢᠨ ᠮᠥᠷᠭᠦᠯᠳᠦᠭᠡᠨ ᠪᠠᠶᠢᠬᠤ ᠦᠭᠡᠢ ᠶᠤᠮ᠃ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠨᠢ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠠ ᠳᠡᠯᠡᠬᠡᠢ ᠳ᠋ᠠᠬᠢᠨ ᠳᠤ ᠨᠥᠯᠥᠭᠡ ᠲᠠᠢ ᠶᠤᠮ᠂ ᠲᠣᠭᠲᠠᠭᠤᠨ ᠡᠷᠡᠭᠦᠯ ᠬᠥᠭᠵᠢᠯᠲᠡ ᠶᠢ ᠪᠠᠲᠤᠯᠠᠵᠤ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠪᠠᠯ ᠵᠣᠬᠢᠨ᠎ᠠ᠃ ᠳᠠᠷᠠᠭ᠎ᠠ ᠵᠢᠯ ᠪᠣᠯ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠣᠯᠣᠨ᠎ᠠ᠂ ᠬᠤᠶᠠᠷ ᠲᠠᠯ᠎ᠠ ᠪᠠᠷ ᠢᠶᠠᠨ ᠬᠠᠨᠢᠲᠠᠨ ᠤ ᠵᠥᠪ ᠪᠠᠶᠢᠷᠢ ᠲᠣᠭᠲᠠᠭᠠᠯᠲᠠ ᠪᠣᠯᠣᠨ ᠬᠠᠮᠲᠤᠷᠠᠯᠴᠠᠭᠠᠨ ᠤ ᠭᠤᠣᠯ ᠭᠦᠭ ᠠᠶᠠᠰ ᠢ ᠪᠠᠷᠢᠮᠲᠠᠯᠠᠵᠤ᠂ ᠬᠤᠣᠰ ᠴᠢᠭᠯᠡᠯ ᠢᠶᠠᠷ ᠨᠡᠭᠡᠭᠡᠯᠲᠡ ᠬᠢᠬᠦ ᠶᠢ ᠦᠷᠭᠦᠯᠵᠢᠯᠡᠨ ᠠᠬᠢᠭᠤᠯᠵᠤ᠂ ᠤᠯᠠᠨ ᠤᠯᠤᠰ ᠤᠨ ᠬᠠᠮᠵᠢᠯᠴᠠᠭ᠎ᠠ ᠶᠢ ᠴᠢᠩᠭᠠᠳᠬᠠᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠢ ᠠᠬᠢᠭᠤᠯᠬᠤ ᠳᠤ ᠬᠤᠪᠢ ᠨᠡᠮᠡᠷᠢ ᠦᠵᠡᠭᠦᠯᠪᠡᠯ ᠵᠣᠬᠢᠨ᠎ᠠ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ᠂ ᠬᠠᠩᠭᠠᠷᠢ ᠶᠢᠨ ᠬᠢᠨ ᠤ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠶᠢ ᠠᠬᠢᠭᠤᠯᠬᠤ᠂ ᠰᠠᠶᠢᠨ ᠰᠠᠶᠢᠬᠠᠨ ᠬᠤᠷᠰᠢᠯᠴᠠᠯ ᠢ ᠪᠡᠶᠡᠯᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠵᠠᠢ᠃      ᠡᠸᠦ᠋ᠷᠪᠠᠨ᠂ ᠬᠤᠶᠠᠷ ᠰᠠᠷ᠎ᠠ ᠶᠢᠨ ᠡᠮᠦᠨ᠎ᠡ ᠲᠡᠷᠢᠭᠦᠯᠡᠭᠴᠢ ᠰᠢ ᠶᠢᠨ ᠫᠢᠩ ᠬᠠᠩᠭᠠᠷᠢ ᠳᠤ ᠠᠮᠵᠢᠯᠲᠠ ᠲᠠᠢ ᠪᠠᠷ ᠲᠡᠦᠬᠡᠲᠦ ᠴᠢᠨᠠᠷᠲᠠᠢ ᠠᠶᠢᠯᠴᠢᠯᠠᠯᠲᠠ ᠬᠢᠭᠰᠡᠨ ᠪᠢᠯᠡ᠃ ᠬᠤᠶᠠᠷ ᠰᠠᠷ᠎ᠠ ᠶᠢᠨ ᠲᠤᠷᠰᠢ᠂ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠠᠶᠢᠯᠴᠢᠯᠠᠯᠲᠠ ᠶᠢᠨ ᠴᠢᠬᠤᠯᠠ ᠦᠷ᠎ᠡ ᠪᠦᠲᠦᠭᠡᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠥᠬᠦᠷᠯᠡᠯ ᠪᠣᠯᠣᠨ ᠢᠲᠡᠭᠡᠯᠴᠡᠭᠡ ᠨᠡᠩ ᠪᠠᠲᠤᠵᠢᠵᠤ᠂ ᠬᠠᠩᠭᠠᠷᠢ ᠳᠤᠮᠳᠠᠳᠤ ᠶᠢᠨ ᠬᠠᠷᠢᠯᠴᠠᠭᠠᠨ ᠤ ᠢᠷᠡᠭᠡᠳᠦᠢ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠠᠢ᠃ ᠣᠳᠣᠬᠠᠨ ᠤ ᠦᠢᠮᠡᠭᠡᠨ ᠳᠡᠪᠵᠢᠶᠡᠨ ᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ᠂ ᠳᠤᠮᠳᠠᠳᠤ ᠤᠯᠤᠰ ᠡᠩᠬᠡ ᠲᠠᠶᠢᠪᠤᠩ ᠢ ᠬᠠᠶᠢᠷᠠᠯᠠᠬᠤ ᠪᠠᠷ ᠪᠠᠷᠠᠬᠤ ᠦᠭᠡᠢ ᠪᠠᠰᠠ ᠠᠯᠢ ᠤᠯᠠᠨ ᠪᠦᠲᠦᠭᠡᠯᠴᠢ ᠴᠢᠨᠠᠷᠲᠠᠢ ᠴᠢᠬᠤᠯᠠ ᠰᠠᠨᠠᠭᠠᠴᠢᠯᠠᠭ᠎ᠠ ᠳᠤᠷᠠᠳᠴᠤ᠂ ᠳᠤᠮᠳᠠᠳᠤ ᠤᠯᠤᠰ ᠪᠣᠯ ᠳᠡᠯᠡᠬᠡᠢ ᠶᠢᠨ ᠡᠩᠬᠡ ᠲᠠᠶᠢᠪᠤᠩ ᠢ ᠠᠬᠢᠭᠤᠯᠬᠤ ᠴᠢᠬᠤᠯᠠ ᠲᠣᠭᠲᠠᠭᠤᠨ ᠬᠦᠴᠦᠨ ᠪᠤᠯᠬᠤ ᠶᠢ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠭᠡᠷᠡᠴᠢᠯᠡᠭᠰᠡᠨ ᠪᠠᠶᠢᠨ᠎ᠠ᠃ ᠬᠠᠩᠭᠠᠷᠢ ᠶᠢᠨ ᠬᠢᠨ ᠳᠤᠮᠳᠠᠳᠤ ᠤᠯᠤᠰ ᠤᠨ ᠦᠢᠯᠡᠳᠦᠯ ᠪᠣᠯᠣᠨ ᠨᠥᠯᠥᠭᠡ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠬᠤ ᠪᠥᠭᠡᠳ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠤᠨ᠎ᠠ᠃ ᠬᠠᠩᠭᠠᠷᠢ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠵᠢᠵᠢᠭ ᠪᠦᠯᠭᠦᠮ︾ ᠪᠠᠶᠢᠭᠤᠯᠬᠤ ᠪᠠ ᠯᠡᠭᠧᠷ ᠤᠨ ᠡᠰᠡᠷᠭᠦᠴᠡᠯᠳᠦᠯ ᠬᠢᠬᠦ ᠶᠢ ᠡᠰᠡᠷᠭᠦᠴᠡᠵᠦ᠂ ᠳᠤᠷᠠᠲᠠᠶ᠎ᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠬᠦ ᠪᠠᠷ ᠠᠵᠠ ᠲᠣᠭᠢᠶᠠᠯ ᠪᠤᠯᠭᠠᠵᠤ᠂ ᠡᠸᠦ᠋ᠷᠦᠫᠡ ᠳᠤᠮᠳᠠᠳᠤ ᠶᠢᠨ ᠬᠠᠷᠢᠯᠴᠠᠭ᠎ᠠ ᠶᠢᠨ ᠡᠷᠡᠭᠦᠯ ᠢᠶᠠᠷ ᠬᠥᠭᠵᠢᠬᠦ ᠶᠢ ᠢᠳᠡᠪᠬᠢᠲᠡᠢ ᠠᠬᠢᠭᠤᠯᠤᠨ᠎ᠠ ᠭᠡᠵᠦ ᠢᠯᠡᠳᠬᠡᠪᠡ᠃      ᠬᠤᠶᠠᠷ ᠲᠠᠯ᠎ᠠ ᠪᠠᠷ ᠢᠶᠠᠨ ᠦᠺᠷᠠᠶᠢᠨ ᠤ ᠬᠢᠮᠤᠷᠠᠯ ᠤᠨ ᠲᠤᠬᠠᠢ ᠭᠤᠣᠯᠳᠠᠯᠭ᠎ᠠ ᠲᠠᠢ ᠪᠠᠷ ᠰᠠᠨᠠᠯ ᠢᠶᠠᠨ ᠭᠦᠨᠵᠡᠭᠡᠢ ᠰᠣᠯᠢᠯᠴᠠᠵᠠᠢ᠃ ᠡᠸᠦ᠋ᠷᠪᠠᠨ ᠣᠶᠢᠷ᠎ᠠ ᠶᠢᠨ ᠡᠳᠦᠷ ᠤᠳ ᠲᠤ ᠪᠣᠯᠤᠭᠰᠠᠨ ᠦᠺᠷᠠᠶᠢᠨ ᠪᠣᠯᠣᠨ ᠣᠷᠣᠰ ᠤᠨ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠪᠡ᠃ ᠰᠢ ᠶᠢᠨ ᠫᠢᠩ ᠡᠧᠦ᠋ᠷᠪᠠᠨ ᠤ ᠦᠺᠷᠠᠶᠢᠨ ᠤ ᠬᠢᠮᠤᠷᠠᠯ ᠢ ᠤᠯᠤᠰ ᠲᠥᠷᠥ ᠶᠢᠨ ᠠᠷᠭ᠎ᠠ ᠪᠠᠷ ᠰᠢᠢᠳᠪᠦᠷᠢᠯᠡᠬᠦ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠤᠨ ᠲᠠᠯ᠎ᠠ ᠶᠢᠨ ᠬᠤᠯᠪᠣᠭᠳᠠᠯ ᠪᠦᠬᠦᠢ ᠦᠵᠡᠯᠲᠡ ᠵᠣᠷᠢᠯᠲᠠ ᠪᠠᠨ ᠲᠣᠳᠣᠷᠬᠠᠶᠢᠯᠠᠨ ᠥᠭᠦᠯᠡᠵᠡᠢ᠃      ᠰᠢ ᠶᠢᠨ ᠫᠢᠩ᠂ ᠡᠷᠲᠡᠬᠡᠨ ᠲᠠᠶᠢᠨ ᠲᠤᠯᠤᠯᠳᠤᠭᠠᠨ ᠢᠶᠠᠨ ᠵᠣᠭᠰᠣᠵᠤ᠂ ᠤᠯᠤᠰ ᠲᠦᠷᠦ ᠶᠢᠨ ᠠᠷᠭ᠎ᠠ ᠪᠠᠷ ᠰᠢᠢᠳᠪᠦᠷᠢᠯᠡᠬᠦ ᠶᠢ ᠡᠷᠢᠯᠬᠢᠯᠡᠬᠦ ᠨᠢ ᠡᠯ᠎ᠡ ᠲᠠᠯ᠎ᠠ ᠶᠢᠨ ᠠᠰᠢᠭ ᠲᠤᠰᠠ ᠳᠤ ᠨᠡᠶᠢᠴᠡᠨ᠎ᠡ᠃ ᠣᠳᠣᠬᠠᠨ ᠤ ᠭᠤᠣᠯᠳᠠᠯᠭ᠎ᠠ ᠪᠣᠯ ︽ᠲᠡᠶᠢᠨ ᠤ ᠲᠠᠯᠠᠪᠤᠷ ᠭᠠᠳᠠᠭᠰᠢ ᠲᠡᠯᠡᠭᠦ ᠦᠭᠡᠢ᠂ ᠲᠡᠶᠢᠨ ᠤ ᠶᠠᠪᠤᠳᠠᠯ ᠲᠠᠰ ᠳᠡᠪᠰᠢᠬᠦ ᠦᠭᠡᠢ᠂ ᠡᠯ᠎ᠡ ᠲᠠᠯ᠎ᠠ ᠶᠢᠨ ᠬᠢᠨ ᠥᠳᠥᠭᠡᠵᠦ ᠦᠢᠮᠡᠭᠦᠯᠬᠦ ᠦᠭᠡᠢ︾ ᠪᠠᠶᠢᠬᠤ ᠭᠤᠷᠪᠠᠨ ᠵᠠᠷᠴᠢᠮ ᠢ ᠵᠢᠷᠤᠮᠯᠠᠵᠤ᠂ ᠪᠠᠶᠢᠳᠠᠯ ᠢ ᠲᠦᠷᠭᠡᠨ ᠨᠠᠮᠳᠠᠭᠠᠬᠤ ᠶᠠᠪᠤᠳᠠᠯ ᠮᠥᠨ᠃ ᠳᠡᠯᠡᠬᠡᠢ ᠨᠡᠶᠢᠭᠡᠮ ᠢᠶᠠᠷ ᠢᠶᠠᠨ ᠬᠤᠶᠠᠷ ᠲᠠᠯ᠎ᠠ ᠶᠢᠨ ᠰᠢᠭᠤᠳ ᠶᠠᠷᠢᠯᠴᠠᠭ᠎ᠠ ᠬᠡᠯᠡᠯᠴᠡᠭᠡ ᠶᠢ ᠰᠡᠷᠭᠦᠭᠡᠬᠦ ᠳᠤ ᠨᠥᠬᠦᠴᠡᠯ ᠪᠦᠷᠢᠯᠳᠦᠭᠦᠯᠵᠦ᠂ ᠬᠦᠴᠦᠨ ᠨᠡᠮᠡᠷᠢᠯᠡᠶ᠎ᠡ᠃ ᠭᠠᠭᠴᠠ ᠬᠦ ᠪᠤᠢ ᠪᠦᠬᠦᠢ ᠲᠣᠮᠣ ᠤᠯᠤᠰ ᠴᠥᠮ ᠢᠳᠡᠪᠬᠢ ᠬᠦᠴᠦᠨ ᠢᠶᠠᠨ ᠪᠠᠳᠠᠷᠠᠭᠤᠯᠬᠤ ᠠᠴᠠ ᠪᠢᠰᠢ ᠨᠠᠵᠠᠭᠠᠢ ᠬᠦᠴᠦᠨ ᠨᠡᠮᠡᠷᠢᠯᠡᠬᠦ ᠦᠭᠡᠢ ᠪᠠᠶᠢᠪᠠᠯ ᠰᠠᠶ᠋ᠢ ᠡᠨᠡ ᠬᠦ ᠮᠥᠷᠭᠦᠯᠳᠦᠭᠡᠨ ᠨᠢ ᠡᠷᠲᠡᠬᠡᠨ ᠳᠠᠶᠢᠨ ᠵᠣᠬᠰᠣᠬᠤ ᠪᠣᠯᠣᠮᠵᠢ ᠲᠠᠢ᠃ ᠳᠤᠮᠳᠠᠳᠤ ᠤᠯᠤᠰ ᠥᠪᠡᠷ ᠤᠨ ᠠᠷᠭ᠎ᠠ ᠭᠡᠯᠪᠡᠷᠢ ᠪᠠᠷ ᠢᠶᠠᠨ ᠢᠳᠡᠪᠬᠢᠲᠡᠢ ᠪᠠᠷ ᠢᠳᠬᠠᠨ ᠡᠪᠰᠡᠭᠦᠯᠵᠦ ᠬᠡᠯᠡᠯᠴᠡᠭᠡ ᠬᠢᠬᠦ ᠶᠢ ᠠᠬᠢᠭᠤᠯᠵᠤ᠂ ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠵᠣᠷᠢᠭᠵᠢᠭᠤᠯᠤᠨ ᠳᠡᠮᠵᠢᠭᠰᠡᠭᠡᠷ ᠢᠷᠡᠵᠡᠶ᠃ ᠳᠤᠮᠳᠠᠳᠤ ᠬᠠᠩᠭᠠᠷᠢ ᠶᠢᠨ ᠦᠨᠳᠦᠰᠦᠨ ᠵᠣᠷᠢᠯᠲᠠ ᠪᠣᠯᠣᠨ ᠴᠢᠷᠮᠠᠶᠢᠬᠤ ᠴᠢᠭᠯᠡᠯ ᠪᠣᠯ ᠨᠢᠭᠡᠳᠦᠯᠲᠡᠢ ᠶᠤᠮ᠃ ᠳᠤᠮᠳᠠᠳᠤ ᠤᠯᠤᠰ ᠳᠤᠷᠠᠲᠠᠶ᠎ᠠ ᠬᠠᠩᠭᠠᠷᠢ ᠶᠢᠨ ᠲᠠᠯ᠎ᠠ ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠦᠷᠭᠦᠯᠵᠢᠯᠡᠨ ᠣᠯᠣᠯᠴᠠᠭ᠎ᠠ ᠪᠠᠨ ᠪᠠᠲᠤᠯᠠᠨ᠎ᠠ ᠭᠡᠵᠦ ᠴᠢᠬᠤᠯᠠᠴᠢᠯᠠᠪᠠ᠃      ᠸᠠᠩ ᠢ ᠠᠭᠤᠯᠵᠠᠯᠲᠠ ᠳᠤ ᠣᠷᠣᠯᠴᠠᠵᠠᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ