ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ︽ᠥᠪᠡᠷᠲᠡᠭᠡᠨ ᠵᠠᠰᠠᠬᠤ ᠣᠷᠣᠨ ᠤ ᠪᠠᠲᠤ ᠴᠢᠩᠭ᠎ᠠ ᠪᠠᠬᠢᠯᠡᠯᠲᠡ ᠶᠢᠨ ᠵᠢᠱᠢᠶᠡᠴᠢ ᠨᠠᠮ ᠤᠨ ᠡᠭᠦᠷ︾ ᠪᠠ ︽ᠪᠠᠶᠠᠨᠨᠠᠭᠤᠷ ᠬᠤᠲᠠ ᠶᠢᠨ ᠪᠠᠲᠤ ᠴᠢᠩᠭ᠎ᠠ ᠪᠠᠬᠢᠯᠡᠯᠲᠡ ᠶᠢᠨ ᠨᠠᠮ ᠤᠨ ᠡᠭᠦᠷ︾ ᠤᠨ ᠢᠷᠠᠭᠤ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2024/7/12
      ᠣᠶᠢᠷ᠎ᠠ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠲᠤ ᠴᠢᠩᠭ᠎ᠠ ᠪᠠᠬᠢᠯᠡᠯᠲᠡ ᠶᠢᠨ ᠵᠢᠱᠢᠶᠡᠴᠢ ᠨᠠᠮ ᠤᠨ ᠡᠭᠦᠷ﹀ ᠢ ᠰᠣᠩᠭᠤᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠮᠡᠳᠡᠭᠳᠡᠯ︾ ᠪᠠ ︽︿ᠪᠠᠶᠠᠨᠨᠠᠭᠤᠷ ᠬᠤᠲᠠ ᠶᠢᠨ ᠪᠠᠲᠤ ᠴᠢᠩᠭ᠎ᠠ ᠪᠠᠬᠢᠯᠡᠯᠲᠡ ᠶᠢᠨ ᠨᠠᠮ ᠤᠨ ᠡᠭᠦᠷ﹀ ᠢ ᠨᠡᠷᠡᠶᠢᠳᠬᠦ ᠲᠤᠬᠠᠢ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠨᠢ 8 ᠲᠦᠮᠡ ᠭᠠᠷᠤᠢ ᠨᠠᠮ ᠤᠨ ᠡᠭᠦᠷ ᠤᠨ ᠲᠣᠳᠣᠷ᠎ᠠ ᠠᠴᠠ ᠴᠣᠯᠭᠤᠷᠠᠨ ᠭᠠᠷᠴᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠲᠤ ᠴᠢᠩᠭ᠎ᠠ ᠪᠠᠬᠢᠯᠡᠯᠲᠡ ᠶᠢᠨ ᠵᠢᠱᠢᠶᠡᠴᠢ ᠨᠠᠮ ᠤᠨ ᠡᠭᠦᠷ︾ ᠪᠠ ︽ᠪᠠᠶᠠᠨᠨᠠᠭᠤᠷ ᠬᠤᠲᠠ ᠶᠢᠨ ᠪᠠᠲᠤ ᠴᠢᠩᠭ᠎ᠠ ᠪᠠᠬᠢᠯᠡᠯᠲᠡ ᠶᠢᠨ ᠨᠠᠮ ᠤᠨ ᠡᠭᠦᠷ︾ ᠢᠶᠠᠷ ᠰᠣᠩᠭᠤᠭᠳᠠᠪᠠ᠃       ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠱᠤᠭᠤᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠴᠢᠩᠭᠠᠳᠬᠠᠬᠤ ᠪᠠᠷ ᠬᠠᠷᠠᠯᠲᠠ ᠪᠣᠯᠭᠠᠵᠤ᠂ ︽ᠨᠠᠷᠢᠯᠢᠭ ᠦᠢᠯᠡᠴᠢᠯᠡᠭᠡ ᠪᠠᠷ ᠰᠢᠯᠢᠳᠡᠭ ᠢ ᠡᠭᠦᠳᠬᠦ︾ ᠪᠠᠷ ᠨᠡᠷᠡᠲᠦ ᠲᠡᠮᠳᠡᠭ ᠪᠣᠯᠭᠠᠵᠤ᠂ ᠳᠣᠲᠣᠭᠠᠳᠤ ᠬᠠᠮᠢᠶᠠᠷᠤᠯᠲᠠ ᠪᠠᠨ ᠴᠢᠩᠭᠠᠳᠬᠠᠨ᠂ ᠬᠡᠪ ᠪᠠᠶᠢᠳᠠᠯ ᠢᠶᠠᠨ ᠰᠢᠯᠢᠳᠡᠭᠵᠢᠭᠦᠯᠵᠦ᠂ ᠰᠢᠳᠤᠷᠭᠤ ᠪᠠᠷ ᠪᠡᠶᠡᠴᠢᠯᠡᠨ ᠭᠦᠢᠴᠡᠳᠬᠡᠵᠦ᠂ ᠨᠠᠶᠢᠳᠠᠪᠤᠷᠢᠵᠢᠭᠤᠯᠤᠯᠲᠠ ᠶᠢ ᠶᠡᠭᠡ ᠪᠠᠷ ᠠᠳᠬᠤᠵᠤ᠂ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠤᠨ ᠬᠠᠮᠲᠤ ᠶᠢᠨ ᠳᠠᠪᠲᠠᠮᠵᠢ ᠪᠠ ᠭᠦᠨᠵᠡᠭᠡᠢ ᠠᠭᠤᠰᠤᠯᠴᠠᠯ ᠢ ᠲᠠᠰᠤᠷᠠᠯᠳᠠ ᠦᠭᠡᠢ ᠠᠬᠢᠭᠤᠯᠵᠤ᠂ ᠰᠠᠶᠢᠳᠤᠷ ᠵᠦᠪᠯᠡᠮᠵᠢ ᠬᠠᠩᠭᠠᠵᠤ ᠶᠣᠰᠣ ᠵᠢᠷᠤᠮ ᠰᠠᠶᠢᠨ᠂ ᠱᠠᠯᠠᠪᠳᠠᠭᠤᠯᠤᠨ ᠪᠠᠶᠢᠴᠠᠭᠠᠬᠤ ᠳᠤ ᠦᠨᠳᠦᠷ ᠪᠦᠲᠦᠮᠵᠢᠲᠡᠢ ᠰᠠᠬᠢᠯᠭ᠎ᠠ ᠪᠠᠲᠤ ᠰᠠᠶᠢᠨ᠂ ᠵᠣᠬᠢᠴᠠᠭᠤᠯᠬᠤ ᠠᠷᠭ᠎ᠠ ᠪᠤᠳᠤᠯᠭ᠎ᠠ ᠲᠠᠢ ᠣᠪᠣᠷ ᠰᠤᠷᠲᠠᠯ ᠰᠠᠶᠢᠨ᠂ ᠪᠠᠲᠤᠯᠠᠭ᠎ᠠ ᠬᠦᠴᠦᠲᠡᠢ ᠦᠢᠯᠡᠴᠢᠯᠡᠭᠡ ᠰᠠᠶᠢᠨ᠂ ᠠᠷᠠᠳ ᠢ ᠬᠠᠯᠠᠮᠵᠢᠯᠠᠵᠤ ᠳᠦᠷᠢ ᠲᠥᠷᠬᠦ ᠰᠠᠶᠢᠨ ︽ᠲᠠᠪᠤᠨ ᠰᠠᠶᠢᠨᠲᠠᠢ︾ ᠵᠢᠱᠢᠶᠡᠴᠢ ᠪᠠᠶᠢᠭᠤᠯᠭ᠎ᠠ ᠪᠠ ᠺᠠᠳ᠋ᠷᠴᠣᠳ ᠤᠨ ᠡᠩᠨᠡᠭᠡ ᠶᠢ ᠬᠦᠴᠦᠯᠡᠨ ᠪᠠᠶᠢᠭᠤᠯᠪᠠ᠃       ᠨᠠᠮ ᠤᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠲᠣᠭᠲᠠᠭᠤᠨ ᠤ ᠲᠤᠮᠳᠠ ᠤᠷᠤᠭᠰᠢᠯᠠᠨ ᠳᠠᠪᠰᠢᠵᠤ ᠰᠠᠭᠤᠷᠢ ᠪᠠᠶᠢᠭᠤᠯᠤᠯᠲᠠ ᠶᠢ ᠴᠢᠩᠭᠠᠳᠬᠠᠪᠠ       ᠨᠢᠭᠡ ᠳᠤ᠂ ᠨᠠᠮ ᠤᠨ ᠭᠡᠰᠢᠭᠦᠨ ᠺᠠᠳ᠋ᠷᠴᠣᠳ ᠤᠨ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠦᠨ ᠪᠠᠶᠢᠭᠤᠯᠪᠠ᠃ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠰᠤᠮᠤ ᠪᠠᠯᠭᠠᠰᠤ᠂ ᠭᠠᠴᠠᠭ᠎ᠠ ︵ᠲᠣᠰᠬᠤᠨ︶ ᠲᠠᠢ ᠬᠠᠷᠢᠯᠴᠠᠵᠤ ᠪᠠᠶᠢᠴᠠᠭᠠᠨ ᠰᠤᠳᠤᠯᠤᠯᠲᠠ ᠬᠢᠵᠦ ᠦᠢᠯᠡᠳᠦᠯᠭᠡ ᠳᠤ ᠣᠷᠤᠯᠴᠠᠭᠤᠯᠵᠤ᠂ ᠶᠠᠳᠠᠭᠤ ᠶᠢ ᠲᠡᠳᠬᠦᠵᠦ ᠬᠦᠴᠢᠷᠳᠡᠯᠲᠡᠢ ᠶᠢ ᠲᠤᠰᠠᠯᠠᠬᠤ᠂ ᠬᠠᠪᠰᠤᠷᠤᠨ ᠲᠡᠳᠬᠦᠵᠦ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠥᠷᠨᠢᠭᠦᠯᠪᠡ᠃       ᠬᠤᠶᠠᠷ ᠲᠤ᠂ ᠨᠡᠶᠢᠭᠡᠮ ᠲᠣᠭᠤᠷᠢᠭ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃ ᠳᠠᠭᠠᠭᠠᠴᠢᠯᠠᠨ ᠬᠤᠯᠪᠤᠭᠠᠯᠠᠬᠤ ᠣᠷᠣᠨ ᠲᠤᠭᠤᠷᠢᠭ ᠤᠨ ᠰᠠᠭᠤᠷᠢ ᠲᠥᠬᠦᠭᠡᠷᠦᠮᠵᠢ ᠶᠢ ᠰᠢᠨᠡᠳᠭᠡᠨ ᠰᠠᠶᠢᠵᠢᠷᠠᠭᠤᠯᠵᠤ᠂ ᠤᠯᠠᠨ ᠲᠦᠮᠡᠨ ᠤ ᠤᠷᠤᠰᠢᠨ ᠰᠠᠭᠤᠷᠢᠰᠢᠬᠤ ᠣᠷᠴᠢᠨ ᠨᠦᠬᠦᠴᠡᠯ ᠢ ᠦᠨᠡᠨᠬᠦ ᠳᠡᠭᠡᠭᠰᠢᠯᠡᠬᠦᠯᠵᠦ᠂ ︽ᠨᠠᠮ ᠤᠨ ᠪᠠᠶᠢᠭᠤᠯᠤᠯᠲᠠ + ᠵᠢᠷᠭᠤᠭᠠᠨ ᠪᠠᠶᠢᠬᠤ ᠦᠭᠡᠢ︾ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠮᠡᠷᠭᠡᠨ ᠴᠣᠬᠤᠷ ᠢ ᠤᠭᠰᠠᠷᠠᠵᠤ᠂ ᠰᠠᠭᠤᠭᠠᠯᠢ ᠠᠷᠠᠳ ᠲᠤᠰ ᠮᠡᠷᠭᠡᠨ ᠴᠣᠬᠤᠷ ᠢ ᠰᠢᠷᠪᠢᠪᠡᠯ ᠭᠡᠷ ᠠᠴᠠ ᠪᠠᠨ ᠭᠠᠷᠬᠤ ᠦᠭᠡᠢ ᠪᠠᠷ ᠨᠡᠶᠢᠭᠡᠮ ᠲᠣᠭᠤᠷᠢᠭ᠂ ᠤᠰᠤ᠂ ᠴᠠᠬᠢᠯᠭᠠᠨ᠂ ᠰᠢᠲᠠᠮᠠᠬᠠᠢ ᠬᠡᠢ ᠵᠡᠷᠭᠡ ᠪᠠᠶᠢᠩᠭᠤ ᠬᠡᠷᠡᠭᠯᠡᠭᠳᠡᠬᠦ ᠮᠡᠳᠡᠭᠡ ᠵᠠᠩᠭᠢ ᠶᠢ ᠣᠶᠢᠯᠠᠭᠠᠵᠤ᠂ ᠤᠯᠠᠨ ᠲᠦᠮᠡᠨ ᠤ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ ᠠᠰᠠᠭᠤᠳᠠᠯ ᠤᠳ ᠢ ᠰᠢᠢᠳᠪᠦᠷᠢᠯᠡᠵᠦ ᠥᠭᠪᠡ᠃       ᠭᠤᠷᠪᠠ ᠳᠤ᠂ ︽ᠬᠤᠶᠠᠷ ᠲᠤ ᠮᠡᠳᠡᠭᠦᠯᠬᠦ ᠬᠤᠶᠠᠷ ᠲᠤ ᠦᠢᠯᠡᠴᠢᠯᠡᠬᠦ ᠬᠤᠶᠠᠷ ᠮᠡᠳᠡᠭᠦᠯᠦᠯᠲᠡ︾ ᠶᠢᠨ ᠠᠵᠢᠯ ᠤᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ︽ᠬᠤᠯᠪᠤᠭᠠᠯᠠᠨ ᠪᠠᠶᠢᠭᠤᠯᠵᠤ ᠬᠤᠯᠪᠤᠭᠠᠯᠠᠨ ᠡᠭᠦᠳᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠬᠠᠤᠯᠢ ᠴᠠᠭᠠᠵᠠ ᠶᠢᠨ ᠯᠠᠪᠯᠠᠯᠲᠠ᠂ ᠠᠯᠪᠠᠨ ᠵᠢᠷᠤᠮ ᠤᠨ ᠦᠰᠦ ᠵᠠᠰᠠᠬᠤ ᠦᠢᠯᠡᠴᠢᠯᠡᠭᠡ᠂ ᠡᠮ ᠡᠮᠴᠢᠯᠡᠭᠡ ᠵᠡᠷᠭᠡ ︽ᠬᠤᠯᠪᠤᠭᠠᠯᠠᠨ ᠪᠠᠶᠢᠭᠤᠯᠵᠤ ᠬᠤᠯᠪᠤᠭᠠᠯᠠᠨ ᠡᠭᠦᠳᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 5 ᠤᠳᠠᠭ᠎ᠠ ᠥᠷᠨᠢᠭᠦᠯᠵᠦ᠂ 200 ᠭᠠᠷᠤᠢ ᠬᠥᠮᠥᠨ ᠤᠳᠠᠭ᠎ᠠ ᠳᠤ ᠦᠢᠯᠡᠴᠢᠯᠡᠭᠡ ᠬᠠᠩᠭᠠᠵᠤ᠂ ︽ᠠᠷᠠᠳ ᠲᠦᠮᠡᠨ ᠳᠤ ᠦᠢᠯᠡᠴᠢᠯᠡᠬᠦ︾ ᠵᠣᠷᠢᠯᠲᠠ ᠶᠢ ᠦᠢᠯᠡᠳᠦᠯᠭᠡᠵᠢᠭᠦᠯᠪᠡ᠃       ᠰᠢᠨ᠎ᠡ ᠶᠢ ᠡᠭᠦᠳᠬᠦ ᠪᠠᠷ ᠲᠡᠩᠭᠡᠯᠢᠭ ᠪᠣᠯᠭᠠᠵᠤ᠂ ᠪᠥᠬᠦ ᠲᠠᠯ᠎ᠠ ᠪᠠᠷ ᠰᠢᠯᠭᠠᠷᠠᠭᠰᠠᠨ ᠬᠢᠯᠠᠰ ᠴᠡᠭ ᠢ ᠴᠣᠭᠴᠠᠯᠠᠪᠠ       ᠨᠢᠭᠡ ᠳᠤ᠂ ᠴᠢᠳᠠᠪᠤᠷᠢ ᠶᠢᠨ ᠳᠡᠭᠡᠭᠰᠢᠯᠡᠯᠲᠡ ᠶᠢᠨ ᠲᠠᠯ᠎ᠠ ᠪᠠᠷ ᠣᠷᠦ᠋ᠢᠯᠠᠵᠤ ᠶᠠᠪᠤᠪᠠ᠃ ᠨᠠᠮ ᠤᠨ ᠭᠡᠰᠢᠭᠦᠨ ᠤ ︽ᠭᠤᠷᠪᠠᠨ ᠬᠤᠷᠠᠯ ᠨᠢᠭᠡ ᠬᠢᠴᠢᠶᠡᠯ︾ ᠲᠠᠢ ᠤᠶᠠᠯᠳᠤᠭᠤᠯᠤᠨ᠂ ᠨᠠᠮ ᠤᠨ ᠭᠡᠰᠢᠭᠦᠨ ᠤ ᠬᠥᠮᠦᠵᠢᠯ ᠰᠤᠷᠤᠯᠴᠠᠯᠭ᠎ᠠ ᠶᠢᠨ ᠨᠠᠷᠢᠨ ᠲᠠᠩᠰᠠ ᠶᠢ ᠲᠣᠭᠲᠠᠭᠠᠵᠤ᠂ ︽ᠵᠢᠷᠭᠤᠭᠠᠨ ᠰᠤᠷᠤᠯᠴᠠᠯᠭ᠎ᠠ ᠶᠢ ᠬᠤᠯᠪᠣᠯᠳᠤᠭᠤᠯᠬᠤ ︾ ᠰᠤᠷᠤᠯᠴᠠᠯᠭ᠎ᠠ ᠶᠢᠨ ᠲᠣᠭᠲᠠᠴᠠ ᠶᠢ ᠪᠠᠶᠢᠭᠤᠯᠵᠤ᠂ ︽ᠪᠢᠷ ᠪᠠᠷᠢᠪᠠᠯ ᠪᠢᠴᠢᠵᠦ ᠴᠢᠳᠠᠬᠤ᠂ ᠠᠮᠠ ᠨᠡᠭᠡᠭᠡᠪᠡᠯ ᠶᠠᠷᠢᠵᠤ ᠴᠢᠳᠠᠬᠤ᠂ ᠶᠠᠪᠤᠳᠠᠯ ᠤᠴᠢᠷ ᠲᠣᠬᠢᠶᠠᠯᠳᠤᠪᠠᠯ ᠪᠡᠶᠡᠯᠡᠬᠦᠯᠵᠦ ᠴᠢᠳᠠᠬᠤ᠂ ᠶᠠᠷᠰᠢᠭ ᠲᠦᠪᠡᠭ ᠲᠠᠭᠠᠷᠠᠯᠳᠤᠪᠠᠯ ᠰᠢᠢᠳᠪᠦᠷᠢᠯᠡᠵᠦ ᠴᠢᠳᠠᠬᠤ︾ ᠶᠢᠨ ︽ᠬᠠᠮ ᠬᠡᠯᠪᠡᠷᠢᠲᠦ︾ ᠺᠠᠳ᠋ᠷᠴᠤᠳ ᠢ ᠬᠥᠮᠥᠵᠢᠭᠦᠯᠪᠡ᠃       ᠬᠤᠶᠠᠷ ᠲᠤ᠂ ᠠᠵᠢᠯ ᠤᠨ ᠦᠷ᠎ᠡ ᠪᠦᠲᠦᠮᠵᠢ ᠶᠢᠨ ᠲᠠᠯ᠎ᠠ ᠪᠠᠷ ᠲᠦᠷᠦᠭᠦᠯᠡᠵᠦ ᠶᠠᠪᠤᠪᠠ᠃ ᠱᠠᠭᠠᠷᠳᠠᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦ ᠠᠵᠢᠯ ᠤᠨ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ︽ᠲᠡᠷᠡ ᠲᠤᠤᠷ᠎ᠠ ᠨᠢ ᠭᠦᠢᠴᠡᠳᠬᠡᠬᠦ᠂ ᠡᠷᠭᠢᠭᠦᠯᠦᠨ ᠪᠤᠴᠠᠭᠠᠵᠤ ᠤᠰᠠᠳᠬᠠᠬᠤ︾ ᠲᠤᠰᠬᠠᠢ ᠲᠦᠷᠦᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠤᠷᠠᠯ ᠳᠡᠭᠡᠷ᠎ᠡ ᠲᠤᠰᠢᠶᠠᠭᠰᠠᠨ ᠶᠠᠪᠤᠳᠠᠯ᠂ ᠤᠳᠤᠷᠢᠳᠤᠯᠭ᠎ᠠ ᠶᠢᠨ ᠴᠣᠬᠤᠯᠠᠪᠤᠷᠢ ᠵᠢᠴᠢ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠬᠦ ᠳᠤ ᠲᠤᠰᠢᠶᠠᠭᠰᠠᠨ ᠵᠡᠷᠭᠡ ᠶᠠᠪᠤᠳᠠᠯ ᠤᠴᠢᠷ ᠢ ᠲᠤᠰᠢᠶᠠᠨ ᠰᠢᠢᠳᠪᠦᠷᠢᠯᠡᠭᠦᠯᠵᠦ ᠱᠠᠯᠠᠪᠳᠠᠭᠤᠯᠤᠨ ᠪᠡᠶᠡᠯᠡᠭᠦᠯᠬᠦ ᠶᠢ ᠮᠦᠷᠲᠡᠨ ᠭᠦᠢᠴᠡᠳᠭᠡᠵᠦ ᠶᠠᠪᠤᠳᠠᠯ ᠤᠴᠢᠷ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠤᠴᠢᠷ ᠪᠦᠬᠦᠨ ᠳᠤ ᠬᠠᠷᠢᠭᠤ ᠥᠭᠬᠦ ᠶᠢ ᠪᠠᠲᠤᠯᠠᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠥᠨᠳᠥᠷ ᠪᠠᠷᠢᠮᠵᠢᠶ᠎ᠠ ᠲᠠᠢ ᠨᠠᠶᠢᠳᠠᠪᠤᠷᠢᠵᠢᠭᠤᠯᠤᠯᠲᠠ ᠶᠢ ᠪᠠᠳᠤᠯᠠᠪᠠ᠃       ᠭᠤᠷᠪᠠ ᠳᠤ᠂ ᠬᠥᠭᠵᠢᠯᠲᠡ ᠶᠢ ᠠᠬᠢᠭᠤᠯᠬᠤ ᠲᠠᠯ᠎ᠠ ᠪᠠᠷ ᠮᠠᠩᠯᠠᠶᠢᠯᠠᠵᠤ ᠶᠠᠪᠤᠪᠠ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠠᠢ ᠤᠶᠠᠯᠳᠤᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ 42 ᠬᠥᠮᠥᠨ / ᠤᠳᠠᠭ᠎ᠠ ᠰᠤᠷᠪᠤᠯᠵᠢᠯᠠᠨ ᠶᠠᠪᠤᠵᠤ ᠪᠠᠶᠢᠴᠠᠭᠠᠨ ᠰᠤᠳᠤᠯᠤᠯᠲᠠ ᠬᠢᠵᠦ᠂ 13 ᠬᠤᠪᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠪᠣᠶ ᠪᠣᠯᠭᠠᠵᠤ᠂ ᠵᠠᠰᠠᠭ ᠤᠨ ᠣᠷᠳᠣᠨ ᠤ ᠠᠯᠪᠠᠨ ᠭᠡᠷ ᠤᠨ ︽ᠵᠠᠰᠠᠭ ᠤᠨ ᠶᠠᠪᠤᠳᠠᠯ ᠳᠤ ᠵᠦᠪᠯᠡᠮᠵᠢ ᠬᠠᠩᠭᠠᠵᠤ ᠲᠤᠰᠠᠯᠠᠮᠵᠢ ᠦᠵᠡᠭᠦᠯᠬᠦ︾ ᠦᠢᠯᠡᠳᠦᠯ ᠢ ᠭᠦᠢᠴᠡᠳ ᠪᠠᠳᠠᠷᠠᠭᠤᠯᠤᠨ᠂ 2023 ᠣᠨ ᠳᠤ ᠪᠥᠬᠦ ᠣᠷᠣᠨ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠲᠡᠷᠢᠭᠦᠨ ᠤ ᠪᠠᠶᠢᠭᠤᠯᠭ᠎ᠠ ᠨᠢᠭᠡᠴᠢ ᠪᠠᠷ ᠦᠨᠡᠯᠡᠭᠳᠡᠪᠡ᠃       ᠳᠠᠷᠠᠭᠠᠴᠢ ᠶᠢᠨ ᠠᠯᠬᠤᠮ ᠳᠤ᠂ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠨᠢ ᠨᠠᠮ ᠤᠨ ᠡᠭᠦᠷ ᠤᠨ ᠪᠠᠶᠢᠭᠤᠯᠤᠯᠲᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ︽ᠤᠭ ᠰᠠᠨᠠᠭ᠎ᠠ ᠪᠠᠨ ᠪᠠᠷᠢᠮᠲᠠᠯᠠᠵᠤ᠂ ᠰᠢᠳᠤᠷᠭᠤ ᠰᠡᠳᠬᠢᠯ ᠢ ᠨᠢᠭᠲᠠᠷᠠᠭᠤᠯᠵᠤ᠂ ᠣᠯᠠᠨ ᠤ ᠰᠡᠳᠬᠢᠯ ᠢ ᠳᠤᠯᠠᠭᠠᠴᠠᠭᠤᠯᠵᠤ᠂ ᠬᠠᠮᠲᠤ ᠶᠢᠨ ᠰᠡᠳᠬᠢᠯ ᠢᠶᠠᠨ ᠨᠢᠭᠡᠳᠭᠡᠨ᠂ ᠴᠡᠪᠡᠷ ᠠᠷᠢᠭᠤᠨ ᠰᠠᠳᠬᠢᠯ ᠢᠶᠠᠨ ᠪᠠᠷᠢᠮᠲᠠᠯᠠᠬᠤ ︾  ᠪᠠᠷ ᠭᠤᠣᠯᠳᠠᠭᠤᠯᠵᠤ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠵᠤ᠂ ︽ ᠨᠠᠷᠢᠯᠢᠭ ᠦᠢᠯᠡᠴᠢᠯᠡᠭᠡ ᠪᠠᠷ ᠰᠢᠯᠢᠳᠡᠭ ᠢ ᠡᠭᠦᠳᠬᠦ︾ ᠨᠠᠮ ᠤᠨ ᠪᠠᠶᠢᠭᠤᠯᠤᠯᠲᠠ ᠶᠢᠨ ᠨᠡᠷᠡᠲᠦ ᠲᠦᠷᠦᠯ ᠲᠡᠮᠳᠡᠭᠲᠦ ᠶᠢ ᠡᠭᠦᠳᠦᠨ ᠪᠠᠶᠢᠭᠤᠯᠤᠨ᠎ᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ