ᠤᠷᠠᠳ ᠤᠨ ᠳᠤᠮᠳᠠᠳᠤ ᠬᠤᠰᠢᠭᠤ ᠣᠳᠣᠬᠠᠨ ᠤ ᠭᠠᠩ ᠬᠠᠭᠰᠠᠷᠠᠭᠠᠨ ᠤ ᠪᠠᠶᠢᠳᠠᠯ ᠢ ᠠᠷᠭᠠᠴᠠᠭᠠᠬᠤ ᠲᠠᠯ᠎ᠠ ᠪᠠᠷ ᠲᠤᠯᠤᠭᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠨ᠎ᠠ
ᠨᠡᠶᠢᠲᠡᠯᠡᠭᠰᠡᠨ ᠴᠠᠭ᠄
2024/7/12
      ᠤᠷᠠᠳ ᠤᠨ ᠳᠤᠮᠳᠠᠳᠤ ᠬᠤᠰᠢᠭᠤ ᠬᠦᠨᠲᠦ ᠨᠤᠴᠢᠲᠠᠢ ᠭᠠᠩ ᠬᠠᠭᠰᠠᠷᠠᠭᠠᠨ ᠪᠠ ᠦᠬᠡᠷ ᠬᠤᠨᠢᠨ ᠮᠢᠬ᠎ᠠ ᠶᠢᠨ ᠦᠨ᠎ᠡ ᠬᠠᠩᠰᠢ ᠪᠠᠭᠤᠷᠠᠭᠰᠠᠨ ᠵᠠᠬ᠎ᠠ ᠳᠡᠯᠭᠡᠭᠦᠷ ᠤᠨ ᠪᠠᠶᠢᠳᠠᠯ ᠳᠤ ᠬᠠᠨᠳᠤᠭᠤᠯᠤᠨ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠡᠪᠡᠰᠦ ᠪᠣᠷᠳᠤᠭ᠎ᠠ᠂ ᠵᠣᠭᠤᠰ ᠮᠥᠩᠭᠦ᠂ ᠮᠠᠯ ᠰᠦᠷᠦᠭ ᠤᠨ ᠰᠣᠯᠢᠯᠴᠠᠭᠠᠨ ᠤ ᠬᠠᠩᠭᠠᠯᠭ᠎ᠠ ᠬᠡᠷᠡᠭᠴᠡᠭᠡᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ᠂ ᠨᠡᠶᠢᠲᠡ 8319.4 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠮᠠᠯᠴᠢᠳ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ ᠮᠠᠯᠴᠢᠳ ᠢ ᠬᠥᠲᠥᠯᠥᠨ ᠵᠢᠯᠤᠭᠤᠳᠴᠤ ᠤᠬᠠᠭᠠᠯᠢᠭ ᠢᠶᠠᠷ ᠮᠠᠯ ᠤᠨ ᠭᠠᠷᠭᠠᠯᠲᠠ ᠶᠢ ᠠᠬᠢᠭᠤᠯᠵᠤ᠂ ᠭᠠᠩ ᠬᠠᠭᠰᠠᠷᠠᠭᠠᠨ ᠤ ᠬᠤᠬᠢᠷᠠᠯ ᠢ ᠪᠠᠭᠠᠰᠬᠠᠨ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠳᠦᠷᠡᠬᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠵᠦ ᠪᠣᠢ᠃       ᠮᠠᠯ ᠤᠨ ᠭᠠᠷᠭᠠᠯᠲᠠ ᠶᠢᠨ ᠨᠥᠬᠦᠪᠦᠷᠢ ᠦᠭᠬᠦ ᠡᠷᠴᠢᠮ ᠢ ᠴᠢᠩᠭᠠᠷᠠᠭᠤᠯᠵᠤ ᠪᠤᠢ᠃ ᠮᠠᠯᠴᠢᠳ ᠢ ᠵᠣᠷᠢᠭᠵᠢᠭᠤᠯᠤᠨ ᠮᠠᠯ ᠤᠨ ᠭᠠᠷᠭᠠᠯᠲᠠ ᠪᠠᠨ ᠲᠦᠷᠭᠡᠳᠬᠡᠬᠦ ᠶᠢᠨ ᠲᠤᠰᠠᠳᠠ᠂ ᠬᠤᠷᠠᠭ᠎ᠠ ᠢᠰᠢᠭᠡ ︵12 ᠰᠠᠷ᠎ᠠ ︶ 80 ᠲᠥᠭᠦᠷᠢᠭ / ᠲᠣᠯᠣᠭᠠᠢ᠂ ᠨᠠᠰᠤᠨ ᠳᠤ ᠬᠦᠷᠦᠭᠰᠡᠨ ᠬᠤᠨᠢ ᠢᠮᠠᠭ᠎ᠠ 150 ᠲᠥᠭᠦᠷᠢᠭ / ᠲᠣᠯᠣᠭᠠᠢ᠂ ᠪᠤᠳᠠ ᠮᠠᠯ ᠪᠦᠷᠢ 600 ᠲᠥᠭᠦᠷᠢᠭ / ᠲᠣᠯᠣᠭᠠᠢ ᠶᠢᠨ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃ ᠡᠷᠦᠬᠡ ᠪᠦᠷᠢ ᠳᠤ ᠪᠣᠭ ᠮᠠᠯ ᠤᠨ ᠭᠠᠷᠭᠠᠯᠲᠠ ᠶᠢᠨ ᠨᠦᠬᠦᠪᠦᠷᠢ ᠬᠠᠮᠤᠭ ᠥᠨᠳᠥᠷ ᠲᠤ ᠪᠠᠨ 5000 ᠲᠥᠭᠦᠷᠢᠭ᠂ ᠪᠤᠳᠠ ᠮᠠᠯ ᠤᠨ ᠭᠠᠷᠭᠠᠯᠲᠠ ᠶᠢᠨ ᠨᠦᠬᠦᠪᠦᠷᠢ ᠬᠠᠮᠤᠭ ᠥᠨᠳᠥᠷ ᠲᠤ ᠪᠠᠨ 1 ᠲᠦᠮᠡᠨ ᠲᠥᠭᠦᠷᠢᠭ ᠥᠭᠬᠦ ᠶᠢᠨ ᠬᠠᠮᠲᠤ ᠮᠠᠯ  ᠤᠨ ᠭᠠᠷᠭᠠᠯᠲᠠ ᠶᠢᠨ ᠨᠥᠬᠦᠪᠦᠷᠢ ᠥᠭᠬᠦ ᠴᠠᠭ ᠢ ᠤᠷᠳᠣᠳᠬᠠᠵᠤ᠂ ᠮᠠᠯ ᠰᠦᠷᠦᠭ ᠤᠨ ᠭᠠᠷᠭᠠᠯᠲᠠ ᠶᠢᠨ ᠬᠡᠮᠵᠢᠶ᠎ᠡ ᠶᠢ ᠲᠦᠷᠭᠡᠳᠬᠡᠵᠤ ᠪᠣᠢ᠃ ᠣᠳᠣ ᠪᠣᠯᠲᠠᠯ᠎ᠠ ᠨᠢᠭᠡᠨᠲᠡ ᠬᠤᠳᠠᠯᠳᠤᠨ ᠪᠤᠷᠤᠯᠠᠭᠤᠯᠤᠭᠰᠠᠨ ᠮᠠᠯ ᠤᠨ ᠲᠤᠭ᠎ᠠ 22.68 ᠲᠦᠮᠡᠨ ᠲᠣᠯᠣᠭᠠᠢ ᠬᠤᠨᠢᠨ ᠤ ᠨᠢᠭᠡᠴᠢ ᠳᠤ ᠬᠦᠷᠪᠡ᠃       ᠲᠡᠵᠢᠭᠡᠯ ᠡᠪᠡᠰᠦ ᠪᠣᠷᠳᠣᠭᠠᠨ ᠤ ᠦᠨ᠎ᠡ ᠬᠠᠩᠰᠢ ᠶᠢᠨ ᠵᠥᠷᠢᠶ᠎ᠡ ᠶᠢ ᠵᠣᠬᠢᠴᠠᠭᠤᠯᠬᠤ ᠪᠠ ᠲᠡᠭᠡᠭᠡᠪᠦᠷᠢᠯᠡᠨ ᠵᠥᠭᠡᠭᠡᠪᠦᠷᠢᠯᠡᠬᠦ ᠨᠥᠬᠦᠪᠦᠷᠢ ᠣᠯᠭᠤᠬᠤ ᠶᠢ ᠬᠡᠷᠡᠭᠵᠢᠭᠦᠯᠵᠤ ᠪᠤᠢ᠃ ᠭᠠᠩ ᠬᠠᠭᠰᠠᠷᠠᠭᠠᠨ ᠤ ᠪᠠᠶᠢᠳᠠᠯ ᠢ ᠨᠢᠭᠲᠠ ᠠᠩᠬᠠᠷᠴᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ᠂ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠪᠠᠶᠢᠳᠠᠯ ᠢ ᠣᠶᠢᠯᠠᠭᠠᠵᠤ᠂ ᠣᠳᠣᠬᠠᠨ ᠳᠤ 8 ᠠᠵᠤ ᠠᠬᠤᠶᠢᠯᠠᠯ 4.661 ᠲᠦᠮᠡᠨ ᠲᠣᠨ ᠡᠪᠡᠰᠦ ᠪᠣᠷᠳᠤᠭ᠎ᠠ ᠨᠥᠭᠡᠴᠡᠯᠡᠵᠦ ᠮᠠᠯᠵᠢᠬᠤ ᠣᠷᠣᠨ ᠤ ᠰᠤᠮᠤ ᠪᠠᠯᠭᠠᠰᠤᠨ ᠳᠤ ᠬᠠᠩᠭᠠᠵᠤ ᠪᠤᠢ᠃ ᠨᠥᠬᠦᠴᠡᠯ ᠳᠤ ᠨᠡᠶᠢᠴᠡᠬᠦ ᠮᠠᠯᠴᠢᠨ ᠡᠷᠦᠬᠡ ︵ᠨᠥᠬᠦᠪᠦᠷᠢ ᠥᠭᠬᠦ ᠨᠥᠬᠦᠴᠡᠯ ᠳᠤ ᠨᠡᠶᠢᠴᠡᠭᠰᠡᠨ ᠪᠣᠶ ᠪᠦᠬᠦᠢ ᠪᠠᠶᠢᠳᠠᠯ ᠢ ᠬᠠᠮᠲᠤ ᠳᠤ ᠨᠢ ᠬᠠᠩᠭᠠᠬᠤ ᠴᠢᠬᠤᠯᠠᠲᠠᠢ︶ ᠳᠤ᠂ ᠲᠡᠭᠡᠭᠡᠪᠦᠷᠢᠯᠡᠨ ᠵᠥᠭᠡᠭᠡᠪᠦᠷᠢᠯᠡᠬᠦ ᠪᠠᠶᠢᠳᠠᠯ ᠢ ᠦᠨᠳᠦᠰᠦᠯᠡᠨ᠂ ᠪᠠᠶ᠋ᠬᠠᠤᠯᠠᠭᠠᠨ ᠰᠤᠮᠤ᠂ ᠭᠠᠭᠴᠠᠮᠣᠳᠤ ᠪᠠᠯᠭᠠᠰᠤᠨ ᠤ ᠡᠷᠦᠬᠡ ᠪᠦᠷᠢ ᠲᠤᠨ ᠪᠦᠷᠢ ᠳᠤ 200 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠦᠭᠴᠦ᠂ ᠴᠣᠩᠵᠢ ᠰᠤᠮᠤ᠂ ᠰᠢᠨᠡᠬᠦ᠋ᠷᠢᠶ᠎ᠡ ᠰᠤᠮᠤᠨ ᠤ ᠡᠷᠦᠬᠡ ᠪᠦᠷᠢ ᠲᠤᠨ ᠪᠦᠷᠢ ᠳᠤ 180 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠦᠭᠴᠦ᠂ ᠣᠩᠭᠤᠨ ᠪᠠᠯᠭᠠᠰᠤ᠂ ᠬᠤᠯᠤᠰᠤᠲᠠᠢ ᠰᠤᠮᠤᠨ ᠤ ᠡᠷᠦᠬᠡ ᠪᠦᠷᠢ ᠲᠤᠨ ᠪᠦᠷᠢ ᠳᠤ 160 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠦᠭᠬᠦ ᠪᠣᠯᠭᠠᠨ᠎ᠠ᠃ ᠡᠷᠦᠬᠡ ᠪᠦᠷᠢ ᠳᠤ ᠬᠠᠮᠤᠭ ᠤᠨ ᠥᠨᠳᠥᠷ ᠲᠤ ᠪᠠᠨ 50 ᠲᠤᠨ ᠲᠡᠭᠡᠭᠡᠪᠦᠷᠢᠯᠡᠨ ᠵᠥᠭᠡᠭᠡᠪᠦᠷᠢᠯᠡᠬᠦ ᠨᠦᠬᠦᠪᠦᠷᠢ ᠥᠭᠭᠦᠨ᠎ᠡ᠃ ᠡᠪᠡᠰᠦ ᠪᠣᠷᠳᠤᠭ᠎ᠠ ᠶᠢ ᠨᠡᠶᠢᠲᠡ 12.67 ᠲᠦᠮᠡᠨ ᠲᠣᠨ ᠲᠡᠭᠡᠭᠡᠪᠦᠷᠢᠯᠡᠨ ᠵᠥᠭᠡᠭᠡᠪᠦᠷᠢᠯᠡᠬᠦ ᠶᠢ ᠪᠡᠶᠡᠯᠡᠭᠦᠯᠪᠡ᠃       ᠮᠠᠯ ᠤᠨ ᠠᠷᠠᠯᠵᠢᠶ᠎ᠠ᠂ ᠡᠪᠡᠰᠦ ᠪᠣᠷᠳᠤᠭ᠎ᠠ᠂ ᠮᠥᠩᠭᠦᠨ ᠭᠦᠢᠯᠭᠡᠭᠡᠨ ᠤ ᠬᠠᠩᠭᠠᠯᠭ᠎ᠠ ᠬᠡᠷᠡᠭᠴᠡᠭᠡ ᠶᠢᠨ ᠲᠠᠪᠴᠠᠩ ᠢ ᠢᠳᠡᠪᠬᠢᠲᠡᠢ ᠪᠠᠷ ᠪᠠᠶᠢᠭᠤᠯᠵᠤ ᠪᠣᠢ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ ᠵᠠᠭᠤᠴᠢᠯᠠᠭᠴᠢ᠂ ᠲᠤᠰᠬᠠᠢ ᠬᠤᠷᠰᠢᠶᠠᠵᠢᠯ᠂ ᠲᠤᠯᠤᠭᠠᠶᠢᠯᠠᠭᠴᠢ ᠠᠵᠤ ᠠᠬᠤᠶᠢᠯᠠᠯ ᠤᠨ ᠰᠤᠮᠤ ᠪᠠᠯᠭᠠᠰᠤ ᠪᠤᠶᠤ ᠨᠡᠯᠢᠶᠡᠳ ᠲᠣᠮᠣ ᠭᠠᠴᠠᠭ᠎ᠠ ᠪᠠᠷ ᠨᠢᠭᠡᠴᠢ ᠪᠣᠯᠭᠠᠨ ᠠᠷᠠᠯᠵᠢᠶᠠᠨ ᠤ ᠴᠡᠭ ᠪᠠᠶᠢᠭᠤᠯᠬᠤ ᠶᠢ ᠵᠣᠷᠢᠭᠵᠢᠭᠤᠯᠵᠤ᠂ ᠮᠠᠯ ᠤᠨ ᠠᠰᠢᠭ ᠰᠢᠮ᠎ᠡ ᠶᠢ ᠬᠤᠳᠠᠯᠳᠤᠨ ᠠᠪᠬᠤ ᠡᠷᠴᠢᠮ ᠢᠶᠠᠨ ᠴᠢᠩᠭᠠᠷᠠᠭᠤᠯᠤᠨ᠂ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠢ ᠲᠦᠷᠭᠡᠳᠬᠡᠵᠦ᠂ ᠮᠠᠯ ᠤᠨ ᠭᠠᠷᠭᠠᠯᠲᠠ ᠶᠢ ᠠᠬᠢᠭᠤᠯᠵᠤ ᠮᠠᠯ ᠤᠨ ᠲᠤᠭ᠎ᠠ ᠲᠤᠯᠤᠭᠠᠢ ᠶᠢ ᠪᠠᠭᠠᠰᠬᠠᠬᠤ ᠶᠢ ᠳᠠᠶᠢᠴᠢᠯᠠᠬᠤ ᠠᠵᠢᠯ ᠢ ᠰᠠᠶᠢᠲᠤᠷ ᠬᠢᠵᠦ᠂ ᠮᠠᠯᠴᠢᠳ ᠢ ᠬᠠᠪᠰᠤᠷᠤᠨ ᠨᠠᠷᠢᠨ ᠲᠠᠩᠰᠠ ᠪᠤᠳᠤᠵᠤ᠂ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠤᠬᠠᠭᠠᠯᠢᠭ ᠢᠶᠠᠷ ᠮᠠᠯ ᠤᠨ ᠭᠠᠷᠭᠠᠯᠲᠠ ᠶᠢ ᠠᠬᠢᠭᠤᠯᠵᠤ ᠪᠤᠢ᠃       ᠣᠳᠤᠬᠠᠨ ᠪᠣᠯᠲᠠᠯ᠎ᠠ᠂ ᠬᠤᠨᠢᠨ ᠤ ᠨᠢᠭᠡᠴᠢ ᠪᠠᠷ ᠨᠢᠭᠡᠨᠲᠡ 12.79 ᠲᠦᠮᠡᠨ ᠲᠤᠯᠤᠭᠠᠢ ᠬᠤᠨᠢ ᠮᠠᠯ ᠢ ᠬᠠᠰᠢᠶᠠᠯᠠᠨ ᠲᠡᠵᠢᠭᠡᠵᠦ᠂ ᠣᠨᠳᠣᠣ ᠭᠠᠵᠠᠷ ᠲᠤ 3. 94 ᠲᠦᠮᠡᠨ ᠲᠤᠯᠤᠭᠠᠢ ᠬᠤᠨᠢ ᠮᠠᠯ ᠢ ᠬᠠᠰᠢᠶᠠᠯᠠᠨ ᠲᠡᠵᠢᠭᠡᠵᠦ᠂ ᠲᠤᠬᠠᠢ ᠶᠢᠨ ᠭᠠᠵᠠᠷ ᠲᠤ ᠨᠢ 0.7 ᠲᠦᠮᠡᠨ ᠲᠤᠯᠤᠭᠠᠢ ᠬᠤᠨᠢ ᠮᠠᠯ ᠢ ᠨᠠᠶᠢᠳᠠᠨ ᠲᠡᠵᠢᠭᠡᠵᠦ ᠪᠠᠶᠢᠨ᠎ᠠ᠃       ᠣᠨᠳᠣᠣ ᠭᠠᠵᠠᠷ ᠲᠤ ᠬᠠᠰᠢᠶᠠᠯᠠᠨ ᠲᠡᠵᠢᠭᠡᠬᠦ ᠶᠢ ᠥᠷᠨᠢᠭᠦᠯᠵᠤ ᠪᠤᠢ᠃ ᠮᠠᠨ ᠤ ᠬᠤᠰᠢᠭᠤᠨ ᠤ ᠡᠮᠦᠨ᠎ᠡ ᠪᠡᠶ᠎ᠡ ᠶᠢᠨ ᠲᠠᠷᠢᠶᠠᠯᠠᠩ ᠬᠤᠶᠢᠲᠦ ᠪᠡᠶ᠎ᠡ ᠶᠢᠨ ᠮᠠᠯ ᠠᠵᠤ ᠠᠬᠤᠢ ᠶᠢᠨ ᠭᠠᠵᠠᠷ ᠣᠷᠣᠨ ᠤ ᠳᠠᠪᠠᠭᠤᠯᠢᠭ ᠲᠠᠢ ᠤᠶᠠᠯᠳᠤᠭᠤᠯᠤᠨ᠂ ᠲᠠᠷᠢᠶᠠᠯᠠᠬᠤ ᠣᠷᠣᠨ ᠤ ᠰᠢᠶᠠᠩ ᠪᠠᠯᠭᠠᠰᠤ ᠶᠢ ᠮᠠᠯᠵᠢᠬᠤ ᠣᠷᠣᠨ ᠤ ᠰᠤᠮᠤ ᠭᠠᠴᠠᠭ᠎ᠠ ᠲᠠᠢ ᠵᠣᠯᠭᠠᠭᠤᠯᠬᠤ ᠶᠢ ᠥᠷᠨᠢᠭᠦᠯᠵᠦ᠂ ᠲᠠᠷᠢᠶᠠᠯᠠᠬᠤ ᠣᠷᠣᠨ ᠤ 17  ᠰᠠᠭᠤᠷᠢ ᠬᠠᠰᠢᠶᠠᠯᠠᠨ ᠲᠡᠵᠢᠭᠡᠬᠦ ᠰᠠᠭᠤᠷᠢᠨ ᠭᠠᠵᠠᠷ ᠢ ᠠᠰᠢᠭᠯᠠᠨ ᠣᠨᠳᠣᠣ ᠭᠠᠵᠠᠷ ᠲᠤ ᠬᠠᠰᠢᠶᠠᠯᠠᠨ ᠲᠡᠵᠢᠭᠡᠬᠦ ᠶᠢ ᠦᠷᠭᠦᠯᠵᠢᠯᠡᠨ ᠠᠬᠢᠭᠤᠯᠵᠤ ᠪᠤᠢ᠃       ᠣᠷᠣᠨ ᠪᠦᠰᠡ ᠠᠯᠤᠰᠯᠠᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠤ ᠪᠤᠢ᠃ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠯᠢᠨ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠦᠶᠤᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠤᠷᠠᠳ ᠤᠨ ᠳᠤᠮᠳᠠᠳᠤ ᠬᠤᠰᠢᠭᠤ ᠲᠠᠢ ᠬᠤᠯᠪᠤᠭ᠎ᠠ ᠪᠠᠶᠢᠭᠤᠯᠤᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠪᠡ᠃ ᠯᠢᠨ ᠾᠧ ᠶᠢᠨ ᠢᠳᠡᠰᠢᠨ ᠬᠤᠨᠢᠨ ᠤ ᠨᠡᠶᠢᠭᠡᠮᠯᠢᠭ᠂ ᠲᠡᠵᠢᠭᠡᠨ ᠦᠷᠡᠵᠢᠭᠦᠯᠬᠦ ᠲᠣᠮᠣ ᠡᠷᠦᠬᠡ᠂ ᠲᠡᠵᠢᠭᠡᠯ ᠪᠣᠷᠳᠤᠭ᠎ᠠ ᠶᠢᠨ ᠦᠢᠯᠡᠳᠪᠦᠷᠢᠯᠡᠯ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ ᠰᠢᠢᠳᠪᠦᠷᠢᠯᠡᠬᠦ ᠠᠷᠭ᠎ᠠ ᠶᠢ ᠰᠤᠳᠤᠯᠪᠠ᠃ ᠰᠤᠮᠤ ᠪᠠᠯᠭᠠᠰᠤ ᠪᠤᠶᠤ ᠭᠠᠴᠠᠭ᠎ᠠ ᠲᠤᠰᠬᠤᠨ  ᠳᠤ ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠶᠢ ᠰᠦᠪᠡᠭᠴᠢᠯᠡᠵᠦ᠂ ᠮᠠᠯ ᠤᠨ ᠭᠠᠷᠭᠠᠯᠲᠠ ᠶᠢᠨ ᠠᠷᠠᠯᠵᠢᠶ᠎ᠠ ᠶᠢ ᠲᠦᠷᠭᠡᠳᠭᠡᠵᠤ ᠪᠤᠢ︔ ᠨᠠᠶᠢᠳᠠᠨ ᠲᠡᠵᠢᠭᠡᠯᠭᠡᠬᠦ ᠬᠡᠯᠪᠡᠷᠢ ᠪᠠᠷ ᠲᠥᠪᠯᠡᠷᠡᠭᠦᠯᠦᠨ ᠪᠣᠷᠳᠣᠵᠤ ᠲᠠᠷᠭᠤᠯᠠᠭᠤᠯᠤᠨ᠂ ᠬᠠᠪᠰᠤᠷᠤᠨ ᠲᠡᠳᠬᠦᠬᠦ ᠭᠠᠵᠠᠷ ᠤᠨ ᠲᠡᠵᠢᠭᠡᠨ ᠦᠷᠡᠵᠢᠭᠦᠯᠬᠦ ᠲᠣᠮᠣ ᠡᠷᠦᠬᠡ ᠪᠠ ᠲᠡᠵᠢᠭᠡᠯ ᠪᠣᠷᠳᠣᠭᠠᠨ ᠤ ᠠᠵᠤ ᠠᠬᠤᠶᠢᠯᠠᠯ ᠠᠴᠠ ᠮᠡᠷᠭᠡᠵᠢᠯ ᠪᠠ ᠲᠡᠵᠢᠭᠡᠯ ᠡᠪᠡᠰᠦ ᠪᠣᠷᠳᠣᠭᠠᠨ ᠤ ᠳᠡᠮᠵᠢᠯᠭᠡ ᠣᠯᠭᠤᠵᠤ ᠪᠤᠢ᠃       ᠭᠠᠷᠮᠠᠭᠠᠢ ᠮᠠᠯᠴᠢᠨ ᠬᠦᠮᠦᠵᠢᠬᠦᠯᠬᠦ ᠪᠣᠯᠪᠠᠰᠤᠷᠠᠯ ᠥᠷᠨᠢᠭᠦᠯᠵᠤ ᠪᠤᠢ᠃ ᠳᠤᠮᠳᠠᠳᠤ ᠤᠯᠤᠰ ᠤᠨ ᠣᠶ ᠰᠢᠭᠤᠢ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠣᠣ ᠰᠢᠤᠸᠠᠢ ᠯᠢᠩ ᠳ᠋ᠣᠺᠲ᠋ᠣᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠪᠣᠯᠣᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠲᠤᠰᠬᠠᠢ ᠮᠡᠷᠭᠡᠵᠢᠯᠲᠡᠨ ᠢ ᠤᠷᠢᠵᠤ᠂ ᠮᠠᠯᠴᠢᠳ ᠤᠨ ᠦᠵᠡᠯᠲᠡ ᠶᠢ ᠬᠤᠪᠢᠷᠠᠭᠤᠯᠬᠤ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠵᠡᠷᠭᠡ ᠮᠠᠯ ᠠᠵᠤ ᠠᠬᠤᠢ ᠶᠢᠨ ᠬᠥᠭᠵᠢᠯᠲᠡ ᠶᠢᠨ ᠠᠯᠢ ᠣᠯᠠᠨ ᠠᠷᠭ᠎ᠠ ᠮᠠᠶ᠋ᠢᠭ ᠤᠨ ᠪᠣᠯᠪᠠᠰᠤᠷᠠᠯ ᠢ ᠥᠷᠨᠢᠭᠦᠯᠵᠦ᠂ ᠣᠳᠣᠬᠠᠨ ᠳᠤ ᠨᠢᠭᠡᠨᠲᠡ 310 ᠬᠥᠮᠥᠨ ᠢ ᠪᠣᠯᠪᠠᠰᠤᠷᠠᠯ ᠳᠤ ᠤᠷᠤᠯᠴᠠᠭᠤᠯᠵᠤ᠂ ᠡᠷᠦᠬᠡ ᠪᠦᠷᠢ ᠳᠤ ᠮᠠᠯ ᠠᠵᠤ ᠠᠬᠤᠢ ᠶᠢᠨ ᠮᠡᠷᠭᠡᠵᠢᠯᠲᠡᠨ ᠢ ᠬᠦᠮᠦᠵᠢᠭᠦᠯᠵᠦ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠵᠤ ᠪᠤᠢ᠃       ᠮᠡᠷᠭᠡᠵᠢᠯ ᠤᠨ ᠵᠢᠯᠣᠭᠤᠳᠤᠯᠭ᠎ᠠ ᠪᠠ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ ᠪᠤᠢ᠃ ᠰᠤᠮᠤ ᠪᠠᠯᠭᠠᠰᠤ ᠨᠢᠭᠡᠪᠦᠷᠢ ᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ᠠᠴᠠ 3 ᠲᠡᠵᠢᠭᠡᠨ ᠦᠷᠡᠵᠢᠭᠦᠯᠬᠦ ᠮᠡᠷᠭᠡᠵᠢᠯ ᠤᠨ ᠠᠵᠢᠯᠲᠠᠨ ᠪᠠ 2 ᠬᠢᠵᠢᠭ ᠢ ᠰᠡᠷᠭᠡᠶᠢᠯᠡᠬᠦ ᠠᠵᠢᠯᠲᠠᠨ ᠲᠣᠮᠢᠯᠠᠵᠤ ᠰᠤᠮᠤ ᠪᠠᠯᠭᠠᠰᠤ ᠲᠠᠢ ᠬᠠᠮᠵᠢᠯᠴᠠᠨ ᠲᠤᠰᠬᠠᠢ ᠦᠢᠯᠡᠴᠢᠯᠡᠭᠡ ᠥᠷᠨᠢᠭᠦᠯᠵᠤ ᠪᠤᠢ᠃ ᠲᠡᠵᠢᠭᠡᠨ ᠦᠷᠡᠵᠢᠭᠦᠯᠬᠦ ᠮᠡᠷᠭᠡᠵᠢᠯ ᠤᠨ ᠵᠢᠯᠣᠭᠤᠳᠤᠯᠭ᠎ᠠ ᠶᠢ ᠥᠷᠨᠢᠭᠦᠯᠵᠦ᠂ ᠠᠮᠢᠳᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ᠂ ᠬᠠᠯᠳᠠᠪᠤᠷᠢᠲᠤ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ  ᠢ ᠴᠢᠩᠭᠠᠳᠬᠠᠨ᠂ ᠬᠠᠰᠢᠶᠠᠯᠠᠨ ᠲᠡᠵᠢᠭᠡᠵᠦ ᠪᠠᠶᠢᠭ᠎ᠠ ᠠᠮᠢᠳᠠᠨ ᠤ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠴᠢᠩᠭᠠᠳᠬᠠᠨ᠂ ᠬᠠᠰᠢᠶ᠎ᠠ ᠰᠠᠷᠠᠪᠴᠢ ᠶᠢ ᠠᠷᠢᠭᠤᠳᠬᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠠᠶᠢᠲᠤᠷ ᠬᠢᠵᠦ᠂ ᠠᠮᠢᠳᠠᠨ ᠤ ᠬᠢᠵᠢᠭ ᠡᠪᠡᠳᠴᠢᠨ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠵᠤ ᠪᠠᠶᠢᠨ᠎ᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ