ᠤᠷᠠᠳ ᠤᠨ ᠳᠤᠮᠳᠠᠳᠤ ᠬᠤᠰᠢᠭᠤ ᠬᠤᠲᠠ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠵᠤ ᠦᠵᠡᠰᠬᠦᠯᠡᠩᠲᠦ ᠰᠠᠶᠢᠬᠠᠨ ᠳᠦᠷᠰᠦ ᠪᠠᠶᠢᠳᠠᠯ ᠢ ᠵᠢᠷᠤᠭᠯᠠᠵᠤ ᠪᠣᠢ
ᠨᠡᠶᠢᠲᠡᠯᠡᠭᠰᠡᠨ ᠴᠠᠭ᠄
2024/7/12
      ᠤᠷᠠᠳ ᠤᠨ ᠳᠤᠮᠳᠠᠳᠤ ᠬᠤᠰᠢᠭᠤ ᠬᠠᠯᠢᠭᠤᠲᠤ ᠪᠠᠯᠭᠠᠰᠤ ᠶᠢᠨ ᠪᠠᠷᠠᠭᠤᠨ ᠳᠡᠬᠦᠷᠭᠡ ᠪᠠ ᠡᠮᠦᠨ᠎ᠡ ᠳᠡᠬᠦᠷᠬᠡ ᠶᠢᠨ ᠣᠷᠤᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠬᠤᠳᠠ ᠶᠢᠨ ᠴᠢᠳᠠᠪᠬᠢ ᠶᠢᠨ ᠪᠠᠶᠢᠷᠢᠰᠢᠭᠤᠯᠤᠯᠲᠠ ᠶᠢ ᠵᠣᠬᠢᠰᠲᠠᠢ ᠰᠢᠯᠢᠳᠡᠭᠵᠢᠭᠦᠯᠵᠦ᠂ ᠬᠤᠳᠠ ᠶᠢᠨ ᠨᠣᠭᠤᠭᠠᠷᠠᠭᠤᠯᠤᠯᠲᠠ ᠶᠢ ᠨᠡᠮᠡᠭᠳᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠥᠩᠭᠡ ᠦᠵᠡᠮᠵᠢ ᠶᠢ ᠨᠡᠮᠡᠭᠳᠡᠭᠦᠯᠦᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠬᠤᠳᠠ ᠶᠢᠨ ᠰᠢᠨ᠎ᠡ ᠬᠠᠭᠤᠳᠠᠰᠤ ᠶᠢ ᠵᠢᠷᠤᠭᠯᠠᠵᠤ ᠪᠠᠶᠢᠨ᠎ᠠ᠃       ᠵᠤᠨ ᠤ ᠳᠤᠮᠳᠠ ᠰᠠᠷ᠎ᠠ ᠳᠤ᠂ ᠬᠠᠯᠢᠭᠤᠲᠤ ᠪᠠᠯᠭᠠᠰᠤᠨ ᠤ ᠡᠮᠦᠨ᠎ᠡ ᠲᠡᠭᠦᠷᠭᠡ ᠶᠢᠨ ᠣᠶ ᠰᠢᠭᠤᠢ ᠶᠢᠨ ᠴᠡᠴᠡᠷᠯᠢᠭ ᠲᠤ ᠡᠪᠡᠰᠦ ᠮᠤᠳᠤ ᠢᠭᠴᠤᠷᠠᠨ ᠨᠣᠭᠤᠭᠠᠷᠠᠵᠤ᠂ ᠦᠩᠭᠡ ᠶᠢᠨ ᠴᠡᠴᠡᠭ ᠮᠢᠷᠠᠯᠵᠠᠨ ᠳᠡᠯᠭᠡᠷᠡᠵᠦ᠂ ᠰᠢᠨ᠎ᠡ ᠪᠠᠷ ᠳᠠᠷᠢᠵᠤ ᠤᠷᠭᠤᠭᠤᠯᠤᠭᠰᠠᠨ ᠵᠤᠯᠵᠠᠭ᠎ᠠ ᠮᠣᠳᠣ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠤᠨ᠂ ᠰᠡᠷᠢᠭᠦᠨ ᠰᠠᠯᠬᠢ ᠬᠠᠴᠠᠷ ᠢ ᠢᠯᠪᠢᠵᠦ᠂ ᠴᠡᠴᠡᠭ ᠬᠤᠸᠠᠷ ᠤᠨ ᠦᠨᠦᠷ ᠬᠠᠩᠬᠤᠯᠵᠤ᠂ ᠰᠡᠳᠬᠢᠯ ᠰᠠᠨᠠᠭ᠎ᠠ ᠲᠠᠭᠠᠯᠠᠮᠵᠢᠲᠠᠢ ᠪᠠᠶᠢᠯ᠎ᠠ᠃       ᠬᠠᠯᠢᠭᠤᠳᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠵᠠᠩ ᠵᠢᠶᠦ᠋ᠨ᠂ ᠬᠠᠯᠢᠭᠤᠳᠤ ᠪᠠᠯᠭᠠᠰᠤᠨ ᠤ ᠡᠮᠦᠨ᠎ᠡ ᠲᠡᠭᠦᠷᠭᠡ ᠶᠢᠨ ᠣᠶ ᠰᠢᠭᠤᠢ ᠶᠢᠨ ᠴᠡᠴᠡᠷᠯᠢᠭ᠂ ᠪᠠᠷᠠᠭᠤᠨ ᠲᠡᠭᠦᠷᠭᠡ ᠶᠢᠨ ᠨᠣᠭᠤᠭᠠᠷᠠᠭᠤᠯᠤᠯᠲᠠ ᠶᠢᠨ ᠠᠵᠢᠯ ᠳᠤ ᠨᠣᠭᠤᠭᠠᠷᠠᠭᠤᠯᠬᠤ ᠪᠠ ᠰᠢᠨ᠎ᠡ ᠪᠠᠷ ᠪᠠᠶᠢᠭᠤᠯᠬᠤ ᠶᠢ ᠪᠠᠷᠢᠮᠲᠠᠯᠠᠨ᠂ ᠲᠠᠲᠠᠪᠤᠷᠢᠯᠠᠨ ᠨᠤᠷᠠᠭᠠᠬᠤ ᠠᠵᠢᠯ ᠤᠨ ᠶᠠᠪᠤᠴᠠ ᠳᠤ ᠠᠯᠢ ᠴᠢᠳᠠᠬᠤ ᠪᠠᠷ ᠦᠨ᠎ᠡ ᠥᠷᠲᠡᠭ ᠪᠦᠬᠦᠢ ᠮᠣᠳᠣ ᠪᠠ ᠵᠦᠯᠭᠡ ᠭᠠᠵᠠᠷ ᠢ ᠦᠯᠡᠳᠡᠭᠡᠬᠦ ᠶᠢᠨ ᠬᠠᠮᠲᠤ᠂ ᠨᠣᠭᠤᠭᠠᠷᠠᠭᠤᠯᠬᠤ ᠲᠠᠯᠠᠪᠠᠶ ᠶᠢ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠵᠢᠭᠦᠯᠵᠦ᠂ ᠰᠢᠨ᠎ᠡ ᠳᠦᠷᠰᠦ ᠪᠠᠶᠢᠳᠠᠯ ᠲᠠᠢ ᠪᠣᠯᠭᠠᠬᠤ ᠶᠢ ᠪᠡᠶᠡᠯᠡᠭᠦᠯᠦᠨ᠂ ᠶᠡᠭᠡ ᠬᠡᠪᠴᠢᠶ᠎ᠡ ᠪᠠᠷ ᠮᠣᠳᠣ ᠳᠠᠷᠢᠵᠤ ᠣᠶᠢᠵᠢᠭᠤᠯᠬᠤ᠂ ᠠᠮᠢ ᠠᠬᠤᠢ ᠶᠢᠨ ᠬᠠᠯᠬᠠᠪᠴᠢ ᠶᠢ ᠪᠠᠶᠢᠭᠤᠯᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠨᠠᠩ ᠰᠠᠶᠢᠨ ᠠᠮᠢᠳᠤᠷᠠᠯ ᠤᠨ ᠣᠷᠣᠨ ᠵᠠᠢ ᠬᠠᠩᠭᠠᠪᠠ ᠭᠡᠵᠦ ᠬᠡᠯᠡᠪᠡ᠃       ᠣᠶᠢᠯᠠᠭᠠᠭᠰᠠᠨ ᠢᠶᠠᠷ᠂ ᠤᠷᠠᠳ ᠤᠨ ᠳᠤᠮᠳᠠᠳᠤ ᠬᠤᠰᠢᠭᠤᠨ ᠤ ᠬᠠᠯᠢᠭᠤᠲᠤ ᠪᠠᠯᠭᠠᠰᠤᠨ ᠤ ᠡᠮᠦᠨ᠎ᠡ ᠲᠡᠭᠦᠷᠭᠡ᠂ ᠪᠠᠷᠠᠭᠤᠨ ᠲᠡᠭᠦᠷᠭᠡ ᠶᠢᠨ ᠨᠤᠷᠠᠭᠠᠵᠤ ᠨᠡᠭᠦᠯᠭᠡᠬᠦ ᠴᠡᠭᠴᠡᠯᠡᠨ ᠵᠠᠰᠠᠬᠤ ᠠᠵᠢᠯ ᠨᠢ 38 ᠡᠷᠦᠬᠡ ᠲᠠᠢ ᠬᠤᠯᠪᠣᠭᠳᠠᠵᠤ᠂ ᠣᠲᠣ ᠨᠢᠭᠡᠨᠲᠡ 14 ᠡᠷᠦᠬᠡ ᠲᠠᠢ ᠨᠤᠷᠠᠭᠠᠵᠤ ᠨᠡᠭᠦᠯᠭᠡᠬᠦ ᠬᠡᠯᠡᠯᠴᠡᠭᠡᠷ ᠲᠣᠭᠲᠠᠵᠤ᠂ ᠡᠭᠦᠨ ᠳᠤ ᠨᠢᠭᠡᠨᠲᠡ 8 ᠡᠷᠦᠬᠡ ᠶᠢᠨ ᠨᠡᠭᠦᠬᠦ ᠠᠵᠢᠯ ᠢ ᠳᠠᠭᠤᠰᠬᠠᠵᠤ᠂ 6 ᠡᠷᠦᠬᠡ ᠨᠢ ᠶᠠᠭ ᠨᠡᠭᠦᠬᠦ ᠭᠠᠷᠳᠠᠮ ᠢᠶᠠᠨ ᠭᠦᠢᠴᠡᠳᠭᠡᠵᠦ ᠪᠠᠶᠢᠨ᠎ᠠ᠃ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢᠶᠠᠷ ᠳᠡᠮᠵᠢᠨ᠂ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠶ ᠠᠰᠢᠭᠯᠠᠵᠤ᠂ ᠶᠡᠭᠡ ᠬᠡᠪᠴᠢᠶᠡᠨ ᠤ ᠭᠠᠵᠠᠷ ᠰᠢᠷᠣᠢ ᠳᠤ ᠡᠪᠡᠰᠦ ᠤᠷᠭᠤᠮᠠᠯ ᠲᠠᠷᠢᠵᠤ᠂ ᠬᠤᠲᠠ ᠶᠢᠨ ᠴᠢᠳᠠᠮᠵᠢ ᠪᠠ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠪᠠᠷ ᠪᠠᠷᠠᠬᠤ ᠦᠭᠡᠢ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠪᠠ ᠬᠤᠲᠠ ᠶᠢᠨ ᠪᠣᠯᠪᠠᠰᠤᠨ ᠤ ᠬᠢᠷᠢ ᠲᠦᠪᠰᠢᠨ ᠢ ᠨᠠᠩ ᠳᠡᠭᠡᠭᠰᠢᠯᠡᠭᠦᠯᠵᠦ᠂ ᠠᠮᠢ ᠠᠬᠤᠢ ᠨᠢ ᠣᠷᠣᠰᠢᠨ ᠰᠠᠭᠤᠷᠢᠰᠢᠬᠤ ᠳᠤ ᠲᠠᠭᠠᠯᠠᠮᠵᠢᠲᠠᠢ᠂ ᠣᠷᠴᠢᠨ ᠠᠬᠤᠢ ᠨᠢ ᠦᠵᠡᠰᠬᠦᠯᠡᠩᠲᠦ ᠰᠠᠶᠢᠬᠠᠨ᠂ ᠲᠤᠨᠤᠭ ᠲᠥᠬᠦᠭᠡᠷᠦᠮᠵᠢ ᠨᠢ ᠪᠦᠷᠢᠨ ᠲᠡᠭᠦᠯᠳᠡᠷ ᠣᠳᠣᠬᠢᠴᠢᠯᠠᠭᠰᠠᠨ ᠣᠷᠣᠨ ᠪᠦᠰᠡ ᠶᠢ ᠴᠣᠭᠴᠠᠯᠠᠨ ᠪᠠᠶᠢᠭᠤᠯᠵᠤ᠂ ᠠᠮᠢ ᠠᠬᠤᠢ ᠶᠢᠨ ᠠᠮᠢᠳᠤᠯᠢᠭ ᠰᠠᠶᠢᠬᠠᠨ ᠬᠠᠭᠤᠳᠠᠰᠤ ᠶᠢ ᠵᠢᠷᠤᠭᠯᠠᠵᠤ ᠪᠠᠶᠢᠨ᠎ᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ