ᠰᠢ ᠶᠢᠨ ᠫᠢᠩ  ᠭᠢᠨᠧᠶᠠ ᠪᠢᠰᠠᠦ᠋ ᠶᠢᠨ ᠶᠡᠷᠦᠩᠬᠡᠶᠢᠯᠡᠭᠴᠢ ᠡᠧᠨ᠋ᠪᠠᠯᠣ᠋ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/7/12
      ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 10 ᠤ ᠴᠠᠭᠢᠯᠭᠠᠨ ᠮᠡᠳᠡᠭᠡ 7 ᠰᠠᠷ᠎ᠠ ᠶᠢᠨ 10 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ  ᠭᠢᠨᠧᠶᠠ ᠪᠢᠰᠠᠦ᠋ ᠶᠢᠨ ᠶᠡᠷᠦᠩᠬᠡᠶᠢᠯᠡᠭᠴᠢ ᠡᠧᠨ᠋ᠪᠠᠯᠣ᠋ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ ᠳᠤᠮᠳᠠᠳᠤ ᠤᠯᠤᠰ ᠪᠣᠯᠣᠨ  ᠭᠢᠨᠧᠶᠠ ᠪᠢᠰᠠᠦ᠋ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠭᠦ ᠶᠢ ᠰᠠᠨᠠᠯ ᠨᠢᠭᠡᠲᠡᠢ ᠵᠥᠪᠰᠢᠶᠡᠷᠡᠪᠡ᠃      ᠰᠢ ᠶᠢᠨ ᠫᠢᠩ᠂ ᠳᠤᠮᠳᠠᠳᠤ ᠤᠯᠤᠰ ᠪᠣᠯᠣᠨ  ᠭᠢᠨᠧᠶᠠ ᠪᠢᠰᠠᠦ᠋ ᠣᠨᠴᠠᠭᠠᠢ ᠨᠥᠬᠦᠷᠯᠡᠯ ᠤᠨ ᠲᠡᠦᠬᠡ ᠲᠠᠢ ᠶᠤᠮ᠃ ᠣᠶᠢᠷ᠎ᠠ ᠶᠢᠨ ᠵᠢᠯ ᠠᠴᠠ ᠨᠠᠭᠠᠰᠢ ᠬᠤᠶᠠᠷ ᠤᠯᠤᠰ ᠤᠨ ᠬᠠᠷᠢᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠵᠦ᠂ ᠤᠯᠤᠰ ᠲᠥᠷᠥ ᠶᠢᠨ ᠢᠲᠡᠭᠡᠯᠴᠡᠭᠡ ᠨᠠᠩ ᠪᠠᠲᠤ ᠴᠢᠩᠭ᠎ᠠ ᠪᠣᠯᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠨᠠᠩ ᠥᠷᠭᠡᠨ ᠳᠡᠯᠭᠡᠷ ᠪᠣᠯᠵᠤ᠂ ᠣᠯᠠᠨ ᠤᠯᠤᠰ ᠤᠨ ᠵᠣᠬᠢᠴᠠᠭᠤᠯᠭ᠎ᠠ ᠨᠠᠩ ᠨᠢᠭᠲᠠᠷᠠᠪᠠ᠃ ᠳᠤᠮᠳᠠᠳᠤ ᠤᠯᠤᠰ  ᠭᠢᠨᠧᠶᠠ ᠪᠢᠰᠠᠦ᠋ ᠶᠢᠨ ᠲᠤᠰ ᠤᠯᠤᠰ ᠤᠨ ᠢᠶᠠᠨ ᠪᠠᠶᠢᠳᠠᠯ ᠳᠤ ᠲᠣᠬᠢᠷᠠᠬᠤ ᠬᠥᠭᠵᠢᠯᠲᠡ ᠶᠢᠨ ᠵᠠᠮ ᠢᠶᠠᠨ ᠪᠡᠶ᠎ᠡ ᠪᠠᠨ ᠳᠠᠭᠠᠭᠠᠵᠤ ᠰᠦᠪᠡᠭᠴᠢᠯᠡᠬᠦ ᠶᠢ ᠲᠡᠮᠵᠢᠵᠤ᠂ ᠳᠤᠷᠠᠲᠠᠶ᠎ᠠ  ᠭᠢᠨᠧᠶᠠ ᠪᠢᠰᠠᠦ᠋ ᠲᠠᠢ ᠤᠯᠠᠮᠵᠢᠯᠠᠯᠲᠤ ᠨᠥᠬᠦᠷᠯᠡᠯ ᠢᠶᠠᠨ ᠤᠯᠠᠮᠵᠢᠯᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠵᠦ᠂ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠵᠤ᠂  ᠭᠢᠨᠧᠶᠠ ᠪᠢᠰᠠᠦ᠋ ᠶᠢᠨ ᠤᠯᠤᠰ ᠤᠨ ᠬᠥᠭᠵᠢᠯᠲᠡ ᠪᠠᠨ ᠨᠡᠩ ᠰᠠᠶᠢᠲᠤᠷ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃
6385628916969032132152054.jpg     
      7 ᠰᠠᠷ᠎ᠠ ᠶᠢᠨ 10 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ  ᠭᠢᠨᠧᠶᠠ ᠪᠢᠰᠠᠦ᠋ ᠶᠢᠨ ᠶᠡᠷᠦᠩᠬᠡᠶᠢᠯᠡᠭᠴᠢ ᠡᠧᠨ᠋ᠪᠠᠯᠣ᠋ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠡᠸ᠋ᠨ᠋ᠪᠠᠯᠤ᠋ ᠪᠣᠯᠣᠨ ᠲᠡᠭᠦᠨ ᠤ ᠬᠠᠳᠤᠨ ᠳ᠋ᠢᠨᠢᠰᠢᠶᠠ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ      ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ  ᠭᠢᠨᠧᠶᠠ ᠪᠢᠰᠠᠦ᠋ ᠲᠠᠢ ᠡᠯ᠎ᠡ ᠲᠡᠰ ᠳᠠᠪᠬᠤᠷᠭ᠎ᠠ ᠶᠢᠨ ᠨᠥᠭᠦᠷᠰᠡᠭ ᠶᠠᠪᠤᠯᠴᠠᠭ᠎ᠠ ᠪᠠᠨ ᠨᠢᠭᠲᠠᠷᠠᠭᠤᠯᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠵᠢᠯᠣᠭᠤᠳᠤᠮᠵᠢ ᠪᠤᠯᠭᠠᠵᠤ᠂ ᠬᠥᠳᠡᠭᠡ ᠠᠵᠤ ᠠᠬᠤᠢ᠂ ᠠᠭᠤᠷᠬᠠᠢ ᠶᠢᠨ ᠦᠢᠯᠡᠰ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠳᠠᠯᠠᠢ ᠲᠠᠩᠭᠢᠰ ᠤᠨ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠨ᠎ᠡ᠃ ᠳᠤᠮᠳᠠᠳᠤ ᠤᠯᠤᠰ  ᠭᠢᠨᠧᠶᠠ ᠪᠢᠰᠠᠦ᠋ ᠶᠢᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠬᠤ ᠶᠢ ᠪᠠᠶᠠᠷᠯᠠᠨ ᠤᠭᠲᠤᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ  ᠭᠢᠨᠧᠶᠠ ᠪᠢᠰᠠᠦ᠋ ᠳᠤ ᠬᠦᠷᠴᠦ ᠪᠡᠯᠡ ᠣᠷᠣᠭᠤᠯᠤᠨ ᠬᠠᠮᠲᠤᠷᠠᠯᠴᠠᠭ᠎ᠠ ᠬᠢᠬᠦ ᠶᠢ ᠵᠣᠷᠢᠭᠵᠢᠭᠤᠯᠵᠤ᠂  ᠭᠢᠨᠧᠶᠠ ᠪᠢᠰᠠᠦ᠋ ᠶᠢᠨ ᠡᠬᠢ ᠪᠠᠶᠠᠯᠢᠭ ᠤᠨ ᠨᠥᠭᠡᠴᠡ ᠬᠦᠴᠦᠨ ᠢᠶᠠᠨ ᠬᠥᠭᠵᠢᠯᠲᠡ ᠶᠢᠨ ᠬᠥᠳᠡᠯᠭᠡᠬᠦ ᠴᠢᠳᠠᠪᠤᠷᠢ ᠪᠣᠯᠭᠠᠨ ᠬᠤᠪᠢᠷᠠᠭᠤᠯᠬᠤ ᠳᠤ ᠬᠠᠪᠰᠤᠷᠤᠨ᠎ᠠ᠃ ᠳᠤᠮᠳᠠᠳᠤ ᠤᠯᠤᠰ ᠳᠤᠷᠠᠲᠠᠶ᠎ᠠ  ᠭᠢᠨᠧᠶᠠ ᠪᠢᠰᠠᠦ᠋ ᠶᠢᠨ ᠤᠯᠤᠰ ᠤᠨ ᠳᠣᠲᠣᠭᠠᠳᠤ ᠶᠢᠨ ᠪᠦᠲᠦᠭᠡᠨ ᠪᠠᠶᠢᠭᠤᠯᠤᠯᠲᠠ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠳᠡᠮᠵᠢᠯᠭᠡ ᠦᠵᠡᠭᠦᠯᠵᠦ᠂ ᠦᠷᠭᠦᠯᠵᠢᠯᠡᠨ ᠤᠰᠤᠨ ᠲᠤᠲᠤᠷᠭ᠎ᠠ ᠶᠢᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠪᠣᠯᠣᠨ ᠡᠮᠴᠢᠯᠡᠭᠡᠨ ᠤ ᠠᠩᠭᠢ ᠲᠣᠮᠢᠯᠠᠵᠤ᠂  ᠭᠢᠨᠧᠶᠠ ᠪᠢᠰᠠᠦ᠋ ᠶᠢᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠤᠯᠠᠠ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠰ ᠢ ᠬᠥᠭᠵᠢᠭᠦᠯᠬᠦ ᠳᠤ ᠳᠡᠮᠵᠢᠯᠭᠡ ᠦᠵᠡᠭᠦᠯᠦᠨ᠎ᠡ᠃ ᠬᠤᠶᠠᠷ ᠲᠠᠯ᠎ᠠ ᠪᠠᠷ ᠢᠶᠠᠨ ᠰᠤᠷᠭᠠᠨ ᠬᠥᠮᠦᠵᠢᠯ᠂ ᠵᠠᠯᠠᠭᠤᠴᠤᠳ ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠤᠶ᠎ᠠ᠃ ᠳᠤᠮᠳᠠᠳᠤ ᠤᠯᠤᠰ ᠦᠷᠭᠦᠯᠵᠢᠯᠡᠨ ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠪᠣᠯᠣᠨ ᠪᠣᠯᠪᠠᠰᠤᠷᠠᠯ ᠤᠨ ᠣᠷᠣᠨ ᠲᠤᠭ᠎ᠠ ᠬᠠᠩᠭᠠᠵᠤ᠂  ᠭᠢᠨᠧᠶᠠ ᠪᠢᠰᠠᠦ᠋ ᠶᠢ ᠬᠠᠪᠰᠤᠷᠤᠨ ᠤᠯᠤᠰ ᠤᠨ ᠬᠥᠭᠵᠢᠯᠲᠡ ᠳᠤ ᠱᠠᠭᠠᠷᠳᠠᠭᠳᠠᠬᠤ ᠡᠯ᠎ᠡ ᠲᠦᠷᠦᠯ ᠤᠨ ᠴᠢᠳᠠᠪᠤᠷᠢᠲᠠᠨ ᠢ ᠨᠡᠩ ᠤᠯᠠᠨ ᠬᠥᠮᠥᠵᠢᠭᠦᠯᠦᠨ᠎ᠡ ᠭᠡᠵᠦ ᠴᠢᠬᠤᠯᠠᠴᠢᠯᠠᠪᠠ᠃      ᠰᠢ ᠶᠢᠨ ᠫᠢᠩ᠂ ᠳᠤᠮᠳᠠᠳᠤ ᠤᠯᠤᠰ ᠪᠣᠯᠣᠨ ᠠᠹᠷᠢᠺᠠ ᠲᠢᠪ ᠴᠥᠮ ᠭᠡᠷᠡᠯ ᠰᠠᠴᠤᠷᠠᠩᠭᠤᠢ ᠪᠣᠯᠪᠠᠰᠤᠨ ᠲᠠᠢ᠂ ᠴᠥᠮ ᠺᠣᠯᠣᠨᠢᠴᠢᠯᠠᠭᠳᠠᠵᠤ ᠲᠦᠷᠢᠮᠡᠬᠡᠶᠢᠯᠡᠭᠳᠡᠭᠰᠡᠨ ᠬᠠᠷᠠᠰᠠᠯᠲᠤ ᠲᠡᠦᠬᠡ ᠲᠠᠢ ᠪᠠᠶᠢᠵᠤ᠂ ᠴᠥᠮ ᠦᠨᠳᠦᠰᠦᠲᠡᠨ ᠤ ᠲᠤᠰᠠᠭᠠᠷ ᠲᠣᠭᠲᠠᠨᠢᠯ ᠪᠣᠯᠣᠨ ᠴᠢᠯᠦᠭᠡᠯᠡᠯᠲᠡ ᠶᠢ ᠨᠠᠨᠳᠢᠩᠨᠠᠨ ᠬᠥᠭᠡᠭᠡᠴᠡᠯᠳᠦᠳᠡᠭ ᠶᠤᠮ᠃ ᠳᠤᠮᠳᠠᠳᠤ ᠤᠯᠤᠰ ᠪᠣᠯᠣᠨ ᠠᠹᠷᠢᠺᠠ ᠲᠢᠪ ᠤᠨ ᠤᠯᠤᠰ ᠤᠳ ᠤᠨ ᠬᠤᠭᠤᠷᠣᠨᠳᠣᠭᠢ ᠳᠡᠮᠵᠢᠯᠭᠡ ᠪᠠ ᠬᠠᠪᠰᠤᠷᠤᠯᠭ᠎ᠠ ᠪᠣᠯ ᠴᠢᠩ ᠦᠨᠡᠨᠴᠢ ᠶᠤᠮ᠂ ᠦᠨᠡᠨ ᠪᠣᠳᠠᠲᠠᠢ ᠳᠣᠲᠣᠨᠣ ᠦᠨᠡᠨᠴᠢ ᠨᠥᠭᠦᠷᠰᠡᠭ ᠠᠬ᠎ᠠ ᠳᠡᠭᠦᠦ ᠪᠠ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠨ ᠬᠠᠮᠲᠤᠷᠠᠯᠴᠠᠬᠤ ᠶᠢᠨ ᠬᠡᠪ ᠳᠠᠭᠤᠷᠢᠶᠠᠯ ᠮᠥᠨ᠂ ᠰᠢᠨ᠎ᠡ ᠪᠠᠶᠢᠳᠠᠯ ᠳᠣᠣᠷ᠎ᠠ ᠪᠢᠳᠡ ᠬᠠᠮᠲᠤ ᠪᠠᠷ ᠰᠢᠨ᠎ᠡ ᠴᠠᠭ ᠦᠶ᠎ᠡ ᠶᠢ ᠡᠭᠦᠳᠬᠦ ᠬᠡᠷᠡᠭᠲᠡᠢ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠣᠯ ᠳᠤᠮᠳᠠᠳᠤ ᠠᠹᠷᠢᠺᠠ ᠶᠢᠨ ᠠᠷᠠᠳ ᠲᠦᠮᠡᠨ ᠤ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠦᠢᠯᠡᠳᠦᠯᠭᠡᠵᠢᠭᠦᠯᠵᠦ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠴᠢᠬᠤᠯᠠ ᠲᠠᠪᠴᠠᠩ ᠮᠥᠨ᠃ ᠬᠤᠶᠠᠷ ᠭᠠᠷᠠᠭ ᠤᠨ ᠡᠮᠦᠨ᠎ᠡ ᠪᠢᠳᠡ ᠪᠡᠭᠡᠵᠢᠩ ᠳᠤ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠨᠡᠶᠢᠲᠡᠯᠡᠭᠰᠡᠨ 70 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠶᠢ ᠦᠪᠡᠳᠡᠭᠰᠢ ᠶᠡᠭᠡ ᠪᠠᠷ ᠶᠠᠪᠤᠭᠳᠠᠭᠤᠯᠪᠠ᠃ ᠡᠨᠡ ᠵᠢᠯ ᠤᠨ ᠨᠠᠮᠤᠷ ᠪᠡᠭᠡᠵᠢᠩ ᠳᠤ ᠰᠢᠨ᠎ᠡ ᠨᠢᠭᠡ ᠬᠤᠭᠤᠴᠠᠭᠠᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠢ ᠡᠷᠭᠢᠯᠡᠨ ᠬᠤᠷᠠᠯᠳᠤᠭᠤᠯᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ  ᠭᠢᠨᠧᠶᠠ ᠪᠢᠰᠠᠦ᠋ ᠵᠡᠷᠭᠡ ᠠᠹᠷᠢᠺᠠ ᠲᠢᠪ ᠤᠨ ᠤᠯᠤᠰ ᠤᠳ ᠲᠠᠢ ᠬᠠᠮᠲᠤ ᠪᠠᠷ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠵᠦ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠬᠠᠮᠲᠤ ᠪᠠᠷ ᠪᠠᠶᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃      ᠡᠸ᠋ᠨ᠋ᠪᠠᠯᠤ᠋᠂ ᠪᠢ ᠲᠥᠯᠥᠭᠡᠯᠡᠭᠴᠢᠳ ᠤᠨ ᠪᠦᠯᠭᠦᠮ ᠲᠠᠢ ᠬᠠᠮᠲᠤ ᠬᠦᠷᠴᠦ ᠢᠷᠡᠭᠰᠡᠨ ᠲᠡᠷᠡ ᠮᠥᠴᠡ ᠠᠴᠠ ᠪᠠᠨ ᠡᠬᠢᠯᠡᠨ ᠳᠤᠮᠳᠠᠳᠤ ᠤᠯᠤᠰ ᠤᠨ ᠠᠷᠠᠳ ᠲᠦᠮᠡᠨ ᠤ ᠠᠹᠷᠢᠺᠠ ᠲᠢᠪ ᠤᠨ ᠠᠬ᠎ᠠ ᠳᠡᠭᠦᠦ ᠨᠠᠷ ᠲᠤ ᠦᠨᠡᠨᠴᠢ ᠨᠥᠭᠦᠷᠰᠡᠭ ᠪᠠᠶᠢᠬᠤ ᠰᠡᠳᠬᠢᠯᠭᠡ ᠶᠢ ᠭᠦᠨ᠎ᠡ ᠮᠡᠳᠡᠷᠡᠪᠡ᠃  ᠭᠢᠨᠧᠶᠠ ᠪᠢᠰᠠᠥ᠋ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠰᠠᠶᠢᠨ ᠰᠠᠶᠢᠬᠠᠨ ᠪᠠᠲᠤ ᠪᠠᠬᠢ ᠪᠠᠶᠢᠵᠤ᠂ ᠬᠤᠶᠠᠷ ᠲᠠᠯ᠎ᠠ ᠪᠠᠷ ᠢᠶᠠᠨ ᠢᠮᠠᠭᠲᠠ ᠡᠷᠡᠰ ᠪᠠᠲᠤ ᠬᠠᠷᠢᠯᠴᠠᠨ ᠳᠡᠮᠵᠢᠭᠰᠡᠭᠡᠷ ᠢᠷᠡᠪᠡ᠃  ᠭᠢᠨᠧᠶᠠ ᠪᠢᠰᠠᠥ᠋ ᠬᠦᠴᠢᠷᠳᠡᠯ ᠳᠤ ᠲᠤᠯᠭᠠᠷᠠᠭᠰᠠᠨ ᠦᠶ᠎ᠡ ᠳᠤ᠂ ᠳᠤᠮᠳᠠᠳᠤ ᠤᠯᠤᠰ ᠶᠡᠷᠦ ᠨᠢ ᠥᠴᠥᠬᠡᠨ ᠴᠦ ᠲᠠᠲᠠᠭᠠᠯᠵᠠᠯ ᠦᠭᠡᠢ ᠪᠠᠷ ᠡᠷᠬᠢᠮ ᠨᠠᠨᠳᠢᠨ ᠳᠡᠮᠵᠢᠯᠭᠡ ᠦᠵᠡᠭᠦᠯᠵᠡᠢ᠂  ᠭᠢᠨᠧᠶᠠ ᠪᠢᠰᠠᠥ᠋ ᠶᠢᠨ ᠠᠷᠠᠳ ᠲᠦᠮᠡᠨ ᠡᠭᠦᠨ ᠢ ᠡᠭᠦᠷᠢᠳᠡ ᠮᠠᠷᠲᠠᠬᠤ ᠦᠭᠡᠢ ᠶᠤᠮ᠃ ᠪᠢᠳᠡ ᠪᠠᠰᠠ ᠥᠩᠭᠡᠷᠡᠭᠰᠡᠨ ᠲᠠᠢ ᠪᠠᠨ ᠠᠳᠠᠯᠢ ᠪᠠᠷ ᠳᠤᠮᠳᠠᠳᠤ ᠤᠯᠤᠰ ᠲᠠᠢ ᠭᠤᠶᠢᠪᠢᠰᠢ ᠦᠭᠡᠢ ᠪᠠᠲᠤ ᠵᠣᠭᠰᠣᠯᠲᠠ ᠨᠢᠭᠡᠲᠡᠢ ᠪᠠᠶᠢᠵᠤ᠂ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠳᠤᠮᠳᠠᠳᠤ ᠶᠢᠨ ᠬᠢᠨ ᠤ ᠲᠠᠶᠢᠸᠠᠨ ᠵᠡᠷᠭᠡ ᠭᠤᠣᠯᠯᠠᠭᠴᠢ ᠠᠰᠢᠭ ᠲᠤᠰᠠ ᠶᠢᠨ ᠠᠰᠠᠭᠤᠳᠠᠯ ᠳᠡᠭᠡᠷᠡᠬᠢ ᠵᠣᠭᠰᠣᠯᠲᠠ ᠶᠢ ᠡᠷᠡᠰ ᠳᠡᠮᠵᠢᠨ᠎ᠠ᠃  ᠭᠢᠨᠧᠶᠠ ᠪᠢᠰᠠᠥ᠋ ᠳᠤᠮᠳᠠᠳᠤ ᠤᠯᠤᠰ ᠤᠨ ᠣᠯᠣᠭᠰᠠᠨ ᠠᠭᠤᠤ ᠶᠡᠭᠡ ᠬᠥᠭᠵᠢᠯᠲᠡ ᠶᠢᠨ ᠠᠮᠵᠢᠯᠲᠠ ᠶᠢ ᠪᠢᠰᠢᠷᠡᠵᠦ ᠪᠠᠶᠢᠨ᠎ᠠ᠂ ᠳᠤᠮᠳᠠᠳᠤ ᠤᠯᠤᠰ ᠢ ᠭᠠᠳᠠᠭᠠᠳᠤ ᠬᠠᠷᠢᠯᠴᠠᠭᠠᠨ ᠤ ᠬᠠᠮᠤᠭ ᠤᠨ ᠲᠡᠷᠢᠭᠦᠨ ᠴᠢᠬᠤᠯᠠ ᠴᠢᠭᠯᠡᠯ ᠪᠠ ᠬᠠᠮᠤᠭ ᠤᠨ ᠴᠢᠬᠤᠯᠠ ᠬᠠᠮᠲᠤᠷᠠᠯᠴᠠᠭᠠᠨ ᠤ ᠬᠠᠨᠢᠲᠠᠨ ᠢᠶᠠᠨ ᠪᠤᠯᠭᠠᠵᠤ᠂ ᠳᠤᠮᠳᠠᠳᠤ ᠤᠯᠤᠰ ᠤᠨ ᠬᠥᠭᠵᠢᠯᠲᠡ ᠶᠢᠨ ᠣᠶᠢᠯᠠᠭᠠᠭᠳᠠᠬᠤᠨ ᠪᠠ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ᠂ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ᠂ ᠠᠭᠤᠷᠬᠠᠢ ᠶᠢᠨ ᠡᠬᠢ ᠪᠠᠶᠠᠯᠢᠭ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠤᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠶᠡᠷᠦ ᠠᠴᠠ ᠺᠣᠯᠣᠨᠢᠴᠢᠯᠠᠬᠤ ᠦᠭᠡᠢ᠂ ᠶᠡᠷᠦ ᠠᠴᠠ ᠪᠤᠰᠤᠳ ᠤᠯᠤᠰ ᠤᠨ ᠳᠣᠲᠣᠭᠠᠳᠤ ᠵᠠᠰᠠᠭ ᠲᠤ ᠭᠠᠷ ᠲᠦᠷᠦᠭᠦ ᠦᠭᠡᠢ᠂ ᠶᠡᠷᠦ ᠠᠴᠠ ᠪᠤᠰᠤᠳ ᠤᠯᠤᠰ ᠲᠤ ᠳᠡᠭᠡᠷᠡᠩᠭᠦᠢ ᠠᠭᠠᠰᠢᠯᠠᠬᠤ ᠦᠭᠡᠢ᠂ ᠶᠡᠷᠦ ᠠᠴᠠ ᠪᠠᠭ᠎ᠠ ᠤᠯᠤᠰ ᠲᠤ ᠡᠷᠬᠡ ᠲᠡᠭᠰᠢ ᠪᠠ ᠬᠦᠨᠳᠦᠳᠬᠡᠯ ᠦᠵᠡᠭᠦᠯᠵᠦ᠂ ᠬᠡᠯᠡᠭᠰᠡᠨ ᠳᠡᠭᠡᠨ ᠬᠦᠷᠴᠦ᠂ ᠬᠡᠯᠡᠬᠦ ᠬᠢᠬᠦ ᠨᠢ ᠨᠢᠭᠡᠳᠦᠯᠲᠡᠢ ᠪᠠᠶᠢᠳᠠᠭ᠃ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠲᠤ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠵᠠᠰᠠᠮᠠᠯ ᠵᠠᠮ ᠵᠡᠷᠭᠡ ᠠᠹᠷᠢᠺᠠ ᠲᠢᠪ ᠤᠨ ᠠᠷᠠᠳ ᠲᠦᠮᠡᠨ ᠳᠤ ᠪᠤᠶᠠᠨ ᠦᠢᠯᠡᠳᠬᠦ ᠬᠠᠮᠲᠤᠷᠠᠯᠴᠠᠭᠠᠨ ᠤ ᠲᠦᠷᠦᠯ ᠵᠦᠢᠯ ᠢ ᠠᠪᠴᠢᠷᠠᠵᠤ ᠥᠭᠴᠡᠢ᠃ ᠳᠤᠮᠳᠠᠳᠤ ᠤᠯᠤᠰ ᠤᠨ ᠠᠹᠷᠢᠺᠠ ᠲᠢᠪ ᠤᠨ ᠡᠬᠡ ᠬᠠᠭᠤᠷᠠᠢ ᠶᠢᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠦᠢᠯᠡᠳᠦᠯ ᠪᠣᠯᠣᠨ ᠢᠳᠡᠪᠬᠢᠲᠡᠢ ᠬᠤᠪᠢ ᠨᠡᠮᠡᠷᠢ ᠶᠢ  ᠭᠢᠨᠧᠶᠠ ᠪᠢᠰᠠᠦ᠋ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠤᠨ ᠰᠢᠨ᠎ᠡ ᠨᠢᠭᠡ ᠬᠤᠭᠤᠴᠠᠭᠠᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠢ ᠡᠷᠭᠢᠯᠡᠭᠦ ᠶᠢ ᠢᠳᠡᠪᠬᠢᠲᠡᠢ ᠲᠡᠮᠵᠢᠨ᠎ᠡ᠃  ᠭᠢᠨᠧᠶᠠ ᠪᠢᠰᠠᠥ᠋ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯᠣᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠮᠵᠢᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯ᠎ᠠ ᠶᠢᠨ ᠬᠡᠷᠡᠭ ᠶᠠᠪᠤᠳᠠᠯ ᠳᠤᠮᠳᠠᠬᠢ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ ᠭᠡᠵᠦ ᠢᠯᠡᠳᠬᠡᠪᠡ᠃      ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠠᠵᠤ ᠠᠬᠤᠢ ᠶᠢᠨ ᠬᠥᠭᠵᠢᠯᠲᠡ᠂ ᠪᠣᠭᠤᠮᠲᠠ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠭᠠᠵᠠᠷ ᠰᠢᠨᠵᠢᠯᠡᠭᠡᠨ ᠪᠠ ᠠᠭᠤᠷᠬᠠᠢ ᠶᠢᠨ ᠦᠢᠯᠡᠰ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠲᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃      ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ  ᠭᠢᠨᠧᠶᠠ ᠪᠢᠰᠠᠥ᠋ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃      ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠡᠸ᠋ᠨ᠋ᠪᠠᠯᠤ᠋ ᠪᠣᠯᠣᠨ ᠲᠡᠭᠦᠨ ᠤ ᠬᠠᠳᠤᠨ ᠳ᠋ᠢᠨᠢᠰᠢᠶᠠ ᠶᠢ ᠤᠭᠲᠤᠬᠤ ᠶᠣᠰᠣᠯᠠᠯ ᠶᠠᠪᠤᠭᠤᠯᠪᠠ᠃     ᠡᠸ᠋ᠨ᠋ᠪᠠᠯᠤ᠋ ᠬᠦᠷᠴᠦ ᠢᠷᠡᠬᠦ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠶᠣᠰᠣᠯᠠᠪᠠ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠤᠯᠤᠰ ᠪᠣᠯᠣᠨ  ᠭᠢᠨᠧᠶᠠ ᠪᠢᠰᠠᠥ᠋ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ᠃ ᠡᠸ᠋ᠨ᠋ᠪᠠᠯᠤ᠋ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃      ᠲᠤᠰ ᠣᠷᠣᠢ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠡᠸ᠋ᠨ᠋ᠪᠠᠯᠤ᠋ ᠪᠣᠯᠣᠨ ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ᠃      ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ