ᠯᠢᠨ ᠾᠧ ᠲᠣᠭᠤᠷᠢᠭ ᠤᠨ 25 ᠳ᠋ᠤᠭᠠᠷ ᠬᠤᠭᠤᠴᠠᠭᠠᠨ ᠤ ᠵᠤᠨ ᠤ ᠤᠯᠠᠷᠢᠯ ᠤᠨ ᠰᠣᠶᠣᠯ ᠤᠷᠠᠯᠢᠭ ᠤᠨ ᠰᠢᠷᠢᠰ ᠠᠵᠢᠯᠯᠠᠭ᠎ᠠ ᠲᠡᠭᠦᠰᠪᠡ
ᠨᠡᠶᠢᠲᠡᠯᠡᠭᠰᠡᠨ ᠴᠠᠭ᠄
2024/7/22
      7 ᠰᠠᠷ᠎ᠠ ᠶᠢᠨ 14᠎ ᠤ ᠡᠳᠦᠷ ᠤᠨ 19 ᠴᠠᠭ 30 ᠮᠢᠨᠦ᠋ᠲ ᠲᠤ᠂ ᠯᠢᠨ ᠾᠧ ᠲᠣᠭᠤᠷᠢᠭ ᠤᠨ 25 ᠳ᠋ᠤᠭᠠᠷ ᠬᠤᠭᠤᠴᠠᠭᠠᠨ ᠤ ᠵᠣᠨ ᠤ ᠡᠳᠦᠷ ᠤᠨ ᠰᠣᠶᠣᠯ ᠤᠷᠠᠯᠢᠭ ᠤᠨ ᠰᠢᠷᠢᠰ ᠠᠵᠢᠯᠯᠠᠭ᠎ᠠ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠬᠡᠷ ᠣᠷᠣᠨ︾᠎ ᠤ ᠪᠥᠬᠦ ᠣᠷᠣᠨ ᠤ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠲᠣᠭᠯᠠᠯᠲᠠ ᠵᠢᠴᠢ ᠵᠣᠨ ᠤ ᠤᠯᠠᠷᠢᠯ ᠤᠨ ︽ᠲᠣᠰᠬᠤᠨ ᠤ ᠦᠳᠡᠰᠢᠯᠡᠭᠡ︾᠎ ᠶᠢᠨ ᠰᠢᠯᠢᠳᠡᠭ ᠫᠷᠤᠭ᠍ᠷᠠᠮ ᠤᠨ ᠦᠵᠡᠭᠦᠯᠦᠯᠭᠡ ᠶᠢᠨ ᠲᠣᠭᠯᠠᠯᠲᠠ ᠯᠢᠨ ᠾᠧ ᠶᠢᠨ ᠬᠠᠲᠤᠨ ᠭᠤᠤᠯ ᠤᠨ  ᠲᠣᠬᠤᠢ ᠶᠠᠪᠠᠭᠠᠨ ᠵᠡᠭᠡᠯᠢ ᠳᠤ ᠶᠠᠪᠤᠭᠳᠠᠪᠠ᠃      ᠲᠣᠰ ᠬᠤᠭᠤᠴᠠᠭᠠᠨ ᠤ ᠵᠣᠨ ᠤ ᠡᠳᠦᠷ ᠤᠨ ᠰᠣᠶᠣᠯ ᠤᠷᠠᠯᠢᠭ ᠤᠨ ᠰᠢᠷᠢᠰ ᠠᠵᠢᠯᠯᠠᠭ᠎ᠠ 6 ᠰᠠᠷ᠎ᠠ ᠶᠢᠨ 29᠎ ᠤ ᠡᠳᠦᠷ ᠡᠬᠢᠯᠡᠵᠦ᠂ 7 ᠰᠠᠷ᠎ᠠ ᠶᠢᠨ 14᠎ ᠤ ᠡᠳᠦᠷ ᠤᠨ ᠣᠷᠣᠢ ᠳᠠᠭᠤᠰᠴᠤ᠂ ᠵᠠᠯᠭᠠᠭ᠎ᠠ ᠪᠠᠷ 16 ᠲᠠᠯᠠᠪᠤᠷ ᠲᠣᠭᠯᠠᠯᠲᠠ ᠭᠠᠷᠭᠠᠵᠤ᠂ ᠤᠳᠠᠭ᠎ᠠ ᠪᠦᠷᠢ ᠶᠢᠨ ᠲᠣᠭᠯᠠᠯᠲᠠ ᠠᠭᠤᠯᠭ᠎ᠠ ᠨᠢ ᠪᠠᠶᠠᠯᠢᠭ᠂ ᠲᠣᠰ ᠲᠣᠰ ᠤᠨ ᠣᠨᠴᠠᠯᠢᠭ ᠲᠠᠢ ᠪᠠᠶᠢᠵᠤ᠂ ᠥᠷᠭᠡᠨ ᠣᠯᠠᠨ ᠬᠤᠲᠠ ᠶᠢᠨ ᠠᠷᠠᠳ ᠤᠨ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠭᠰᠠᠨ ᠪᠠᠶᠢᠨ᠎ᠠ᠃
0716001_001_01_s.jpg
ᠢᠷᠡᠯᠲᠡ᠄ ᠪᠠᠶᠠᠨᠨᠠᠭᠤᠷ ᠤᠨ ᠰᠣᠨᠢᠨ ᠮᠡᠳᠡᠭᠡᠨ ᠤ ᠰᠦᠯᠵᠢᠶ᠎ᠡ