ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵ ᠪᠡᠯᠡᠳᠬᠡᠯ︶ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ | ᠡᠯ᠎ᠡ ᠰᠠᠯᠠᠭ᠎ᠠ ᠮᠥᠴᠢᠷ᠂ ᠬᠤᠲᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠪᠠᠶᠠᠨᠨᠠᠭᠤᠷ ᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠤᠬᠠᠶ ᠪᠣᠳᠠᠲᠠᠶ | ᠠᠷᠭ᠎ᠠ ᠬᠡᠮᠵᠢᠶ᠎ᠡ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ | ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠶ᠃ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 3 ᠰᠠᠷ᠎ᠠ ᠶᠢᠨ 20 ᠤ ᠡᠳᠦᠷ | | | ᠪᠠᠶᠠᠨᠨᠠᠭᠤᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠤᠬᠠᠶ ᠪᠣᠳᠠᠲᠠᠶ ᠠᠷᠭ᠎ᠠ ᠬᠡᠮᠵᠢᠶ᠎ᠡ | ︽ᠤᠯᠤᠰ ᠤᠨ ᠲᠠᠰ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ | ᠲᠠᠷᠬᠠᠭᠠᠭᠰᠠᠨ ︹2020︺ 5 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠪᠠᠶᠠᠨᠨᠠᠭᠤᠷ ᠤᠨ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ︵ᠳᠣᠷᠣᠭᠰᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠭᠡᠵᠦ ᠲᠣᠪᠴᠢᠯᠠᠨ᠎ᠠ︶ ᠤᠨ ᠴᠢᠨᠠᠷ ᠰᠠᠶᠢᠲᠠᠶ ᠬᠥᠭᠵᠢᠯᠲᠡ ᠶᠢ | ᠲᠦᠷᠭᠡᠳᠬᠡᠨ ᠠᠬᠢᠭᠤᠯᠬᠤ ᠶᠢᠨ ᠲᠤᠰᠠᠳᠠ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠥᠭᠵᠢᠯᠲᠡ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ | ᠣᠨᠴᠠᠭᠠᠶᠢᠯᠠᠨ ᠳᠣᠤᠷᠠᠬᠢ ᠮᠡᠲᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠬᠥᠭᠵᠢᠯᠲᠡ ᠶᠢᠨ ᠬᠠᠷᠠᠯᠲᠠ | ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ ᠵᠢᠯ ᠪᠦᠷᠢ ᠳᠤᠮᠳᠠᠴᠢ ᠪᠠᠷ 15% ᠠᠴᠠ ᠳᠡᠭᠡᠭᠰᠢ ᠨᠡᠮᠡᠭᠳᠡᠭᠦᠯᠵᠦ᠂ ᠪᠣᠳᠠᠲᠠᠢ ᠬᠡᠷᠡᠭᠯᠡᠭᠰᠡᠨ | ᠭᠠᠳᠠᠭᠠᠳᠤ ᠪᠡᠯᠡ ᠶᠢ ᠵᠢᠯ ᠪᠦᠷᠢ ᠳᠤᠮᠳᠠᠴᠢ ᠪᠠᠷ 10% ᠠᠴᠠ ᠳᠡᠭᠡᠭᠰᠢ ᠨᠡᠮᠡᠭᠳᠡᠭᠦᠯᠵᠦ᠂ ᠪᠦᠬᠦ ᠬᠤᠳᠠ ᠳᠤ ᠡᠵᠡᠯᠡᠬᠦ ᠬᠤᠪᠢ ᠶᠢᠨ ᠵᠢᠩ ᠢ 30% ᠠᠴᠠ ᠳᠡᠭᠡᠭᠰᠢ | ᠨᠡᠮᠡᠭᠳᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠢ ᠡᠳ᠋ᠰᠢᠭᠦᠯᠬᠦ᠂ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ | ᠮᠠᠲ᠋ᠧᠷᠢᠶᠠᠯ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠭᠤᠷᠪᠠᠨ ᠵᠠᠭᠤᠨ ᠳ᠋ᠦᠩᠰᠢᠭᠤᠷ ᠲᠡᠰ ᠤᠨ ᠠᠵᠤ ᠦᠢᠯᠡᠰ ᠤᠨ ᠪᠦᠯᠦᠭᠵᠢᠯ ᠢ ᠠᠩᠬ᠎ᠠ ᠠᠯᠬᠤᠮ | ᠬᠡᠪᠴᠢᠶᠡᠵᠢᠭᠦᠯᠵᠦ᠂ ᠠᠵᠤ ᠦᠢᠯᠡᠰ ᠤᠨ ᠳᠡᠭᠡᠳᠦ ᠲᠡᠰᠵᠢᠯᠲᠡ᠂ ᠤᠶᠤᠨᠴᠢᠯᠠᠯᠲᠠ᠂ ᠪᠣᠬᠢᠷᠲᠤᠯ ᠦᠭᠡᠢ ᠬᠥᠭᠵᠢᠯᠲᠡ ᠶᠢ ᠪᠣᠳᠠᠲᠠᠢ ᠠᠯᠬᠤᠮ ᠢ ᠠᠯᠬᠤᠵᠤ᠂ ᠠᠵᠤ | ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠣᠷᠣᠨ ᠢ ᠪᠠᠶᠠᠨᠨᠠᠭᠤᠷ ᠬᠤᠳᠠ ᠶᠢᠨ ᠥᠭᠡᠷᠡᠴᠢᠯᠡᠯᠲᠡ ᠨᠡᠬᠡᠬᠡᠯᠳᠡ ᠶᠢᠨ ᠴᠢᠬᠤᠯᠠ ᠠᠴᠢᠶᠠᠯᠠᠪᠤᠷᠢ᠂ ᠴᠢᠨᠠᠷ ᠰᠠᠶᠢᠲᠠᠢ | ᠬᠦᠴᠦᠨ ᠵᠦᠢᠯ ᠲᠥᠪᠯᠡᠷᠡᠭᠰᠡᠨ ᠪᠡᠯᠡ ᠣᠷᠣᠭᠤᠯᠤᠯᠲᠠ ᠶᠢᠨ ᠬᠠᠯᠠᠭᠤᠨ ᠬᠥᠷᠥᠰᠥ᠂ ᠰᠢᠨᠵᠢᠯᠡᠬᠦ ᠤᠬᠠᠭᠠᠨ ᠮᠡᠷᠭᠡᠵᠢᠯ ᠳᠤ ᠡᠨᠧᠷᠭᠢ ᠣᠯᠭᠤᠵᠤ ᠬᠥᠭᠵᠢᠭᠦᠯᠬᠦ | ᠰᠢᠨ᠎ᠡ ᠶᠢ ᠡᠭᠦᠳᠬᠦ ᠥᠨᠳᠦᠷᠯᠢᠭ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠲᠡᠷᠢᠭᠦᠨ ᠴᠢᠬᠤᠯᠠ ᠬᠥᠳᠡᠯᠭᠡᠭᠦᠷ ᠪᠣᠯᠭᠠᠨ ᠪᠠᠶᠢᠭᠤᠯᠬᠤ ᠪᠠᠷ | ᠬᠦᠴᠦᠯᠡᠨ ᠴᠢᠷᠮᠠᠶᠢᠨ᠎ᠠ᠃ 2027 ᠣᠨ ᠤ ᠡᠴᠦᠰ ᠲᠤ᠂ ᠤᠯᠤᠰ ᠤᠨ ᠲᠠᠰ ᠤᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠶᠡᠷᠦᠩᠬᠡᠶᠢᠯᠡᠭᠰᠡᠨ | ᠬᠥᠭᠵᠢᠯᠲᠡ ᠶᠢᠨ ᠬᠢᠷᠢ ᠲᠦᠪᠰᠢᠨ ᠤ ᠬᠢᠨᠠᠨ ᠰᠢᠯᠭᠠᠯᠲᠠ ᠳᠤ ᠪᠥᠬᠦ ᠤᠯᠤᠰ ᠤᠨ ᠡᠮᠦᠨ᠎ᠡ 150 ᠨᠡᠷᠡᠰ᠂ ᠪᠠᠷᠠᠭᠤᠨ ᠣᠷᠣᠨ ᠤ ᠡᠮᠦᠨ᠎ᠡ 25 ᠨᠡᠷᠡᠰ ᠲᠤ | ᠵᠢᠭᠰᠠᠭᠠᠭᠳᠠᠪᠠ᠃ | ᠬᠤᠶᠠᠷ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ︵ᠨᠢᠭᠡ︶ ᠡᠷᠬᠡ ᠶᠢ ᠥᠷᠭᠡᠳᠬᠡᠵᠦ ᠴᠢᠳᠠᠪᠤᠷᠢ ᠣᠯᠭᠤᠬᠤ ᠶᠢ ᠦᠷᠭᠦᠯᠵᠢᠯᠡᠨ ᠠᠬᠢᠭᠤᠯᠬᠤ | 1. ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠵᠢᠯᠣᠭᠤᠳᠤᠯᠭ᠎ᠠ ᠬᠢᠨᠠᠯᠲᠠ ᠳᠣᠣᠷ᠎ᠠ᠂ | ᠵᠢᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ 10000 ᠲᠣᠨ ᠪᠠᠷᠢᠮᠵᠢᠶᠠᠲᠤ ᠨᠡᠭᠦᠷᠡᠰᠦ ᠠᠴᠠ ᠳᠣᠷᠣᠭᠰᠢ ︵10000 ᠲᠣᠨ ᠢ ᠪᠠᠭᠲᠠᠭᠠᠬᠤ | ᠦᠭᠡᠢ︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠣᠷᠣᠨ ᠪᠦᠰᠡ ᠶᠢᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ | ᠬᠡᠷᠡᠭᠵᠢᠭᠦᠯᠵᠦ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠵᠤ ᠠᠮᠠᠯᠠᠯᠲᠠ ᠶᠢᠨ ᠳᠦᠷᠢᠮ ᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | 2. ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠠᠵᠤ ᠦᠢᠯᠡᠰ ᠤᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠬᠤᠲᠠ ᠪᠠ ᠯᠢᠨ ᠾᠧ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠵᠤ | ᠰᠠᠭᠤᠬᠤ ᠵᠦᠢᠯᠡᠰ ᠢᠶᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠬᠡᠷᠡᠭ ᠡᠷᠬᠢᠯᠡᠬᠦ ᠬᠡᠷᠡᠭᠴᠡᠭᠡ ᠪᠠᠨ ᠦᠨᠳᠦᠰᠦᠯᠡᠨ᠂ ᠬᠡᠰᠡᠭ | ᠪᠦᠯᠦᠭ ᠠᠵᠤ ᠦᠢᠯᠡᠰ ᠤᠨ ᠦᠢᠯᠡᠴᠢᠯᠡᠭᠡᠨ ᠤ ᠲᠥᠪ ᠲᠤ ᠣᠷᠣᠵᠤ ᠰᠠᠭᠤᠬᠤ ᠪᠠᠨ ᠤᠷᠲᠤᠳᠬᠠᠨ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ | ᠭᠦᠢᠴᠡᠳᠬᠡᠬᠦ︾ ᠶᠢ ᠴᠢᠷᠮᠠᠶᠢᠨ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠯᠢᠨ | ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | 3. ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠠᠶᠤᠯ | ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ | ᠴᠠᠭᠠᠵᠠ ᠶᠢᠨ ᠵᠥᠪᠯᠡᠯ ᠳᠤ ᠳᠠᠩᠰᠠᠯᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ | ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ︶ | 4. ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠳᠤ ᠰᠢᠨ᠎ᠡ ᠪᠠᠷ ᠥᠭᠡᠷᠡᠴᠢᠯᠡᠨ ᠥᠷᠭᠡᠳᠬᠡᠨ ᠪᠠᠶᠢᠭᠤᠯᠬᠤ ᠲᠥᠷᠥᠯ ᠵᠦᠢᠯ ᠵᠢᠴᠢ ᠲᠡᠭᠦᠨ ᠲᠠᠢ | ᠬᠠᠷᠢᠯᠴᠠᠨ ᠢᠵᠢ ᠪᠥᠷᠢᠳᠦᠭᠰᠡᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ︵ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠠᠴᠠ | ᠪᠤᠰᠤᠳ︶᠂ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠵᠥᠪᠰᠢᠶᠡᠷᠡᠨ ᠣᠷᠣᠭᠤᠯᠬᠤ ᠭᠠᠷᠳᠠᠮ ᠢ ᠬᠠᠤᠯᠢ ᠶᠣᠰᠣᠭᠠᠷ ᠴᠣᠮᠬᠠᠳᠬᠠᠵᠤ᠂ ᠬᠢᠨᠠᠨ ᠵᠥᠪᠰᠢᠶᠡᠷᠡᠬᠦ | ᠲᠠᠰ ᠳᠠᠷᠠᠭᠠᠯᠠᠯ ᠢ ᠳᠥᠭᠦᠮᠴᠢᠯᠡᠨ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠬᠠᠮᠢᠶᠠᠷᠬᠤ ᠵᠠᠭᠪᠤᠷ ᠢ ᠬᠡᠷᠡᠭᠵᠢᠭᠦᠯᠦᠨ᠎ᠡ︔ ᠠᠵᠤ ᠠᠬᠤᠶᠢᠯᠠᠯ ᠤᠨ ᠪᠠᠯᠠ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠥᠬᠦ ᠴᠤᠪᠤᠷᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠲᠠᠭᠤ ᠶᠢ ᠪᠠᠭᠲᠠᠭᠠᠬᠤ ᠪᠠᠷ ᠬᠢᠨᠠᠨ | ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠡᠷᠡᠭᠵᠢᠭᠦᠯᠦᠨ᠎ᠡ︔ ᠠᠵᠤ ᠠᠬᠤᠶᠢᠯᠠᠯ ᠠᠴᠠ ᠪᠠᠯᠠ ᠣᠷᠣᠭᠤᠯᠵᠤ ᠲᠦᠭᠰᠢᠭᠦᠷᠢ ᠶᠢ ᠥᠪᠡᠰᠦᠪᠡᠨ ᠡᠭᠦᠷᠭᠡᠯᠡᠬᠦ | ᠲᠥᠷᠥᠯ ᠵᠦᠢᠯ ᠢ ᠬᠢᠨᠠᠨ ᠵᠥᠪᠰᠢᠶᠡᠷᠡᠬᠦ ᠶᠠᠪᠤᠴᠠ ᠳᠤ ᠮᠡᠳᠡᠭᠳᠡᠵᠦ ᠠᠮᠠᠯᠠᠭᠤᠯᠬᠤ ᠲᠦᠷᠢᠮ ᠢ ᠬᠡᠷᠡᠭᠵᠢᠭᠦᠯᠵᠦ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠢ ᠴᠢᠩᠭ᠎ᠠ ᠵᠢᠷᠤᠮᠯᠠᠨ ᠠᠮᠠᠯᠳᠠᠭᠰᠠᠨ ᠵᠦᠢᠯᠡᠰ ᠤᠨ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶᠃ | ︵ᠬᠤᠶᠠᠷ︶ ᠠᠵᠤ ᠦᠢᠯᠡᠰ ᠤᠨ ᠪᠦᠭᠡᠮᠨᠡᠷᠡᠨ ᠪᠦᠯᠦᠭᠯᠡᠯ ᠤᠨ ᠬᠦᠭᠵᠢᠯᠲᠡ ᠶᠢ ᠲᠦᠯᠬᠢᠨ ᠠᠬᠢᠭᠤᠯᠤᠨ᠎ᠠ | 5. ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠲᠠᠢ ᠤᠶᠠᠯᠳᠤᠭᠤᠯᠤᠨ᠂ ᠲᠥᠷᠥ ᠶᠢᠨ ᠪᠣᠳᠣᠯᠭ᠎ᠠ | ᠪᠠ ᠡᠷᠬᠡ ᠮᠡᠳᠡᠯ ᠤᠨ ᠬᠡᠪᠴᠢᠶᠡᠨ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠣᠬᠢᠴᠠᠩᠭᠤᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠣᠭᠲᠠᠭᠠᠵᠤ᠂ | ᠣᠷᠣᠭᠤᠯᠵᠤ ᠢᠷᠡᠭᠰᠡᠨ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠪᠠ ᠰᠢᠨ᠎ᠡ ᠶᠢ ᠡᠭᠦᠳᠬᠦ ᠲᠥᠷᠥᠯ ᠵᠦᠢᠯ ᠳᠤ ︽ᠨᠢᠭᠡ ᠠᠵᠤ ᠠᠬᠤᠶᠢᠯᠠᠯ ᠳᠤ ᠨᠢᠭᠡ | ᠲᠥᠷᠥ ᠶᠢᠨ ᠪᠣᠳᠣᠯᠭ᠎ᠠ︾᠂ ︽ᠨᠢᠭᠡ ᠠᠵᠤ ᠦᠢᠯᠡᠰ ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠪᠠᠯᠠ ᠣᠷᠣᠭᠤᠯᠤᠯᠲᠠ ᠶᠢ ᠠᠬᠢᠭᠤᠯᠬᠤ ᠲᠥᠪ︶ | 6. ᠠᠵᠤ ᠠᠬᠤᠶ ᠶᠢᠨ ᠨᠡᠭᠡᠭᠡᠨ ᠬᠥᠭᠵᠢᠭᠦᠯᠬᠦ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠶ ᠡᠳ᠋ᠰᠢᠭᠦᠯᠬᠦ᠂ | ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠰᠦᠷᠦᠭᠵᠢᠨ ᠬᠥᠭᠵᠢᠬᠦ ᠶᠢ | ᠭᠤᠤᠯᠳᠠᠯᠭ᠎ᠠ ᠲᠠᠢ ᠳᠡᠮᠵᠢᠨ᠎ᠡ᠃ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ᠂ ᠪᠠᠷᠠᠭᠠᠨ ᠤ ᠭᠦᠢᠯᠭᠡᠭᠡᠨ᠂ ᠮᠥᠩᠭᠦᠨ ᠭᠦᠢᠯᠭᠡᠭᠡᠨ᠂ ᠠᠷᠠᠯᠵᠢᠶᠠᠨ ᠤ ᠵᠠᠬ᠎ᠠ | ᠳᠡᠯᠭᠡᠭᠦᠷ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠯ ᠵᠡᠷᠭᠡ ᠦᠢᠯᠡᠳᠪᠦᠷᠢᠯᠡᠯ ᠤᠨ ᠴᠢᠨᠠᠷᠲᠠᠶ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠥᠬᠦᠷᠵᠢᠭᠦᠯᠦᠨ ᠬᠥᠭᠵᠢᠭᠦᠯᠵᠦ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠪᠣᠳᠠᠲᠤ | ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢ ᠲᠤᠯᠭᠠᠭᠤᠷᠢᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶᠃ | 7. ᠬᠤᠲᠠ ᠶᠢᠨ ᠳᠣᠲᠣᠷᠠᠬᠢ ᠰᠢᠨ᠎ᠡ ᠪᠠᠷ ᠣᠷᠣᠭᠤᠯᠤᠨ ᠠᠪᠴᠢᠷᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ᠂ | ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ︾ ᠠᠵᠤ ᠠᠬᠤᠶᠢᠯᠠᠯ᠂ ᠵᠠᠩᠭᠢᠯᠠᠭ᠎ᠠ ᠶᠢᠨ ᠰᠡᠯᠪᠢᠭ ᠲᠣᠨᠤᠭ ᠪᠠ ᠳᠤᠮᠳᠠᠬᠢ ᠦᠢᠯᠡᠳᠬᠦᠨ ᠦᠢᠯᠡᠳᠬᠦ ᠠᠵᠤ | ᠠᠬᠤᠶᠢᠯᠠᠯ ᠵᠡᠷᠭᠡ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ ᠳᠡᠭᠡᠳᠦ | ᠳᠣᠣᠷᠠᠳᠤ ᠤᠷᠤᠰᠬᠠᠯ ᠤᠨ ᠢᠵᠢ ᠪᠦᠷᠢᠳᠦᠭᠦᠯᠬᠦ ᠠᠵᠤ ᠠᠬᠤᠶᠢᠯᠠᠯ ᠢ ᠤᠷᠢᠳᠠᠪᠠᠷ ᠲᠥᠯᠥᠪᠵᠢᠭᠦᠯᠦᠨ ᠪᠠᠶᠢᠷᠢᠯᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ︶ | ︵ᠭᠤᠷᠪᠠ︶ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠬᠦᠭᠵᠢᠭᠡᠬᠦ | 8. ᠪᠠᠯᠠ ᠮᠥᠩᠭᠦ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠷ ᠳᠠᠮᠵᠢᠭᠤᠯᠤᠨ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠭᠤᠤᠯᠯᠠᠭᠴᠢ | ᠠᠵᠤ ᠠᠬᠤᠶᠢᠯᠠᠯ ᠬᠢᠭᠡᠳ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠬᠠᠮᠲᠤᠷᠠᠯᠴᠠᠭ᠎ᠠ ᠶᠢ ᠠᠬᠢᠭᠤᠯᠵᠤ᠂ | ᠨᠢᠭᠡ ᠪᠦᠯᠦᠭ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠠ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠤᠶᠢᠵᠢᠭᠤᠯᠤᠨ ᠪᠠᠶᠢᠭᠤᠯᠤᠨ᠎ᠠ᠃ | ᠨᠡᠷᠡᠲᠦ ᠠᠵᠤ ᠠᠬᠤᠶᠢᠯᠠᠯ ᠤᠨ ᠶᠡᠷᠦᠩᠬᠡᠶ ᠬᠡᠯᠲᠡᠰ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠤᠯ ᠤᠨ ᠠᠵᠢᠯᠲᠠᠨ ᠪᠣᠯᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠵᠢᠩ ᠺᠠᠢ ᠲᠣᠭᠤᠷᠢᠭ ᠲᠠᠭᠠᠨ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠡᠭᠦᠳᠦᠨ ᠪᠠᠶᠢᠭᠤᠯᠬᠤ ᠶᠢ ᠵᠣᠷᠢᠭᠵᠢᠭᠤᠯᠵᠤ᠂ ᠨᠢᠭᠡ ᠪᠦᠯᠦᠭ ᠬᠤᠷᠰᠢᠯᠴᠠᠬᠤ ᠬᠦᠷᠢᠶᠡᠯᠡᠩ ᠲᠣᠭᠤᠷᠢᠭ ᠢ | ᠪᠦᠲᠦᠭᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠤ ᠲᠤᠬᠠᠶ ᠶᠢᠨ ᠭᠠᠵᠠᠷ ᠲᠤᠨᠢ | ᠬᠤᠪᠢᠷᠠᠭᠤᠯᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | 9. ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠭᠤᠶᠤᠴᠢᠯᠠᠨ ᠮᠡᠳᠡᠭᠦᠯᠬᠦ᠂ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ | ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠬᠦᠷ᠂ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯᠯᠠᠬᠤ ᠥᠷᠲᠡᠭᠡ ᠪᠠ ᠦᠢᠯᠡᠳᠬᠦ ᠦᠢᠯᠡᠰ ᠤᠨ ᠰᠢᠨ᠎ᠡ ᠶᠢ | ᠡᠭᠦᠳᠬᠦ ᠲᠥᠪ ᠵᠡᠷᠭᠡ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠠ ᠠᠵᠤ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠢ ᠤᠷᠢᠳᠠᠪᠠᠷ ᠳᠡᠮᠵᠢᠨ᠎ᠡ᠃ | ᠰᠢᠨ᠎ᠡ ᠪᠠᠷ ᠮᠠᠭᠠᠳᠯᠠᠨ ᠲᠣᠭᠲᠠᠭᠠᠭᠰᠠᠨ ᠪᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠭᠰᠡᠨ ᠰᠢᠯᠢᠳᠡᠭ ᠳᠡᠭᠡᠷᠡᠬᠢ ᠪᠠᠶᠢᠭᠤᠯᠤᠮᠵᠢ ᠪᠠ ᠲᠠᠪᠴᠠᠩ ᠳᠤ | ᠥᠪᠡᠷᠲᠡᠭᠡᠨ ᠵᠠᠰᠠᠬᠤ ᠣᠷᠣᠨ ᠤ ᠱᠠᠩᠨᠠᠵᠤ ᠨᠥᠬᠦᠪᠦᠷᠢᠯᠡᠬᠦ ᠪᠠᠷᠢᠮᠵᠢᠶ᠎ᠠ ᠶᠣᠰᠣᠭᠠᠷ 1᠄ 1 ᠪᠠᠷ ᠵᠣᠬᠢᠴᠠᠭᠤᠯᠤᠨ ᠱᠠᠩᠨᠠᠵᠤ ᠨᠥᠬᠦᠪᠦᠷᠢᠯᠡᠨ᠎ᠡ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 10. ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠳᠣᠲᠣᠷ᠎ᠠ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠬᠦᠷᠲᠡᠭᠰᠡᠨ ᠠᠵᠤ ᠠᠬᠤᠶᠢᠯᠠᠯ ᠳᠤ᠂ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠭᠥᠷᠳᠡᠭᠰᠡᠨ ᠰᠠᠭᠤᠷᠢᠨ ᠳᠡᠭᠡᠷ᠎ᠡ᠂ ᠳᠠᠬᠢᠨ ᠨᠢᠭᠡ ᠯᠡ ᠤᠳᠠᠭ᠎ᠠ ᠳᠤ | 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠤᠯᠤᠰ ᠤᠨ ᠲᠠᠰ ᠤᠨ ᠠᠵᠤ ᠠᠬᠤᠶᠢᠯᠠᠯ ᠤᠨ ᠪᠠᠷᠢᠮᠵᠢᠶ᠎ᠠ ᠶᠢᠨ ︽ᠳᠠᠭᠠᠭᠤᠯᠤᠭᠴᠢ︾ ᠣᠯᠤᠭᠰᠠᠨ ᠠᠵᠤ | ᠠᠬᠤᠶᠢᠯᠠᠯ ᠳᠤ ᠨᠢᠭᠡ ᠯᠡ ᠤᠳᠠᠭ᠎ᠠ ᠳᠤ 20 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠲᠦᠷᠪᠡ︶ ᠨᠡᠭᠡᠭᠡᠯᠲᠡᠲᠦ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠶ᠎ᠡ | 11. ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠠᠵᠤ ᠠᠬᠤᠶᠢᠯᠠᠯ ᠤᠨ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ ᠬᠥᠭᠵᠢᠯᠲᠡ ᠶᠢ ᠳᠡᠮᠵᠢᠵᠦ | ᠂ ᠵᠠᠬ᠎ᠠ ᠳᠡᠯᠭᠡᠭᠦᠷ ᠢ ᠨᠡᠭᠡᠭᠡᠨ ᠥᠷᠭᠡᠳᠬᠡᠵᠦ᠂ ᠬᠢᠯᠢ ᠶᠢᠨ ᠭᠠᠳᠠᠨᠠᠬᠢ ᠡᠵᠡᠩᠨᠡᠨ ᠪᠣᠷᠣᠯᠠᠭᠤᠯᠬᠤ ᠲᠣᠣᠷ ᠴᠢᠭ᠂ ᠭᠠᠳᠠᠭᠠᠳᠤ ᠶᠢᠨ ᠬᠥᠮᠥᠷᠭᠡ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ᠂ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ | ᠲᠠᠪᠴᠠᠩ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠬᠥᠭᠵᠢᠭᠦᠯᠦᠭᠰᠡᠨ ᠪᠠᠶᠢᠪᠠᠯ᠂ ᠳᠠᠩ ᠭᠠᠭᠴᠠ ᠲᠥᠷᠥᠯ ᠵᠦᠢᠯ ᠳᠤ ᠪᠣᠳᠠᠲᠠᠢ ᠣᠷᠣᠭᠤᠯᠤᠯᠲᠠ ᠶᠢᠨ 60% ᠪᠠᠷ | ᠭᠠᠳᠠᠭᠠᠳᠤ ᠠᠵᠤ ᠠᠬᠤᠢ ᠠᠷᠠᠯᠵᠢᠶᠠᠨ ᠤ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 300 ᠲᠦᠮᠡᠨ | ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | 12. ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠬᠤ ᠲᠥᠬᠦᠭᠡᠷᠦᠮᠵᠢ ᠵᠢᠴᠢ ᠮᠡᠷᠭᠡᠵᠢᠯ ᠢ | ᠣᠷᠣᠭᠤᠯᠤᠨ ᠠᠪᠴᠢᠷᠠᠵᠤ᠂ ᠰᠢᠨ᠎ᠡ ᠮᠡᠷᠭᠡᠵᠢᠯ᠂ ᠰᠢᠨ᠎ᠡ ᠭᠠᠷ ᠤᠷᠠᠯᠠᠯ ᠢ ᠬᠡᠷᠡᠭᠯᠡᠨ ᠣᠲᠣ ᠶᠢᠨ ᠪᠠᠶᠢᠭ᠎ᠠ ᠪᠡᠯᠡᠳᠬᠡᠮᠵᠢ᠂ ᠭᠠᠷ ᠤᠷᠠᠯᠠᠯ ᠤᠨ ᠨᠥᠬᠦᠴᠡᠯ ᠵᠢᠴᠢ | ᠦᠢᠯᠡᠳᠪᠦᠷᠢᠯᠡᠯ ᠤᠨ ᠦᠢᠯᠡᠴᠢᠯᠡᠭᠡ ᠵᠡᠷᠭᠡ ᠳᠤ ᠳᠡᠭᠡᠳᠦ ᠲᠠᠰ ᠤᠨ᠂ ᠤᠶᠤᠨᠴᠢᠯᠠᠭᠰᠠᠨ᠂ ᠪᠣᠬᠢᠷᠲᠤᠯ ᠥᠬᠡᠶ ᠮᠡᠷᠭᠡᠵᠢᠯ ᠤᠨ ᠥᠭᠡᠷᠡᠴᠢᠯᠡᠯᠲᠡ ᠬᠢᠭᠰᠡᠨ ᠪᠠᠶᠢᠪᠠᠯ᠂ | ᠲᠠᠩ ᠭᠠᠭᠴᠠ ᠲᠥᠷᠥᠯ ᠵᠦᠢᠯ ᠳᠤ ᠪᠣᠳᠠᠲᠠᠶ ᠣᠷᠣᠭᠤᠯᠤᠯᠲᠠ ᠶᠢᠨ 60% ᠪᠠᠷ ᠭᠠᠳᠠᠭᠠᠳᠤ ᠠᠵᠤ ᠠᠬᠤᠶ ᠠᠷᠠᠯᠵᠢᠶᠠᠨ ᠤ ᠬᠥᠭᠵᠢᠯᠲᠡ ᠶᠢᠨ ᠲᠤᠰᠬᠠᠶ ᠪᠠᠯᠠ | ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | 13. ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ︽ᠨᠢᠭᠡ ᠲᠣᠭᠤᠷᠢᠭ ᠤᠯᠠᠨ ᠬᠦᠷᠢᠶᠡᠯᠡᠩ︾ ᠤᠨ ᠪᠦᠲᠦᠭᠡᠨ ᠪᠠᠶᠢᠭᠤᠯᠤᠯᠲᠠ ᠶᠢ | ᠬᠡᠷᠡᠭᠵᠢᠭᠦᠯᠬᠦ ᠶᠢ ᠳᠡᠮᠵᠢᠵᠦ᠂ ᠤᠷᠠᠳ ᠤᠨ ᠳᠤᠮᠳᠠᠳᠤ ᠬᠤᠰᠢᠭᠤ᠂ ᠭᠠᠭᠴᠠᠮᠤᠳᠤ ᠬᠢᠯᠢ ᠶᠢᠨ ᠪᠣᠭᠤᠮᠲᠠ ᠯᠤᠭ᠎ᠠ ᠬᠠᠮᠲᠤᠷᠠᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠦᠷᠢᠶᠡᠯᠡᠩ ᠲᠣᠭᠤᠷᠢᠭ ᠢ ᠪᠠᠶᠢᠭᠤᠯᠵᠤ᠂ ᠯᠢᠨ ᠾᠧ ᠲᠣᠭᠤᠷᠢᠭ ᠯᠤᠭ᠎ᠠ ᠬᠠᠮᠲᠤᠷᠠᠯᠴᠠᠨ ᠰᠢᠨ᠎ᠡ ᠡᠨᠧᠷᠭᠢ ᠶᠢᠨ | ᠲᠣᠨᠣᠭᠯᠠᠯ ᠦᠢᠯᠡᠳᠬᠦ ᠬᠦᠷᠢᠶᠡᠯᠡᠩ ᠲᠣᠭᠤᠷᠢᠭ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠬᠦᠷᠢᠶᠡᠯᠡᠩ ᠲᠣᠭᠤᠷᠢᠭ ᠢ ᠪᠠᠶᠢᠭᠤᠯᠵᠤ᠂ ᠨᠡᠭᠡᠭᠡᠯᠲᠡᠲᠦ | ᠬᠡᠯᠪᠡᠷᠢ ᠶᠢᠨ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠯᠢᠨ ᠾᠧ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ᠂ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠭᠠᠭᠴᠠᠮᠤᠳᠤ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ︶ | ︵ᠲᠠᠪᠤ︶ ᠪᠣᠬᠢᠷᠲᠤᠯ ᠦᠭᠡᠢ ᠲᠤᠭ᠎ᠠ ᠪᠠᠷᠢᠮᠲᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ | 14. ᠬᠤᠳᠠ ᠶᠢᠨ ᠳᠣᠲᠣᠷ᠎ᠠ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠠᠵᠤ | ᠠᠬᠤᠶᠢᠯᠠᠯ ᠢ ᠰᠢᠨ᠎ᠡ ᠪᠠᠷ ᠣᠷᠣᠭᠤᠯᠤᠨ ᠠᠪᠴᠢᠷᠠᠵᠤ᠂ ᠨᠡᠭᠡᠭᠡᠨ ᠬᠥᠭᠵᠢᠭᠦᠯᠬᠦ ᠣᠷᠣᠨ ᠤ ᠬᠡᠷᠡᠭᠴᠡᠭᠡ ᠶᠢ ᠦᠨᠳᠦᠰᠦᠯᠡᠨ᠂ ᠤᠷᠢᠳ ᠢᠶᠠᠷ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ︶ | 15. ᠡᠯ᠎ᠡ ᠲᠥᠷᠥᠯ ᠤᠨ ᠬᠥᠷᠥᠩᠭᠡ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠤ ᠪᠠᠯᠠ ᠣᠷᠣᠭᠤᠯᠤᠨ ᠮᠡᠳᠡᠭᠡ ᠵᠠᠩᠭᠢ ᠶᠢᠨ ᠮᠡᠷᠭᠡᠵᠢᠯ ᠤᠨ | ᠰᠠᠭᠤᠷᠢ ᠪᠡᠯᠡᠳᠬᠡᠮᠵᠢ ᠪᠠᠶᠢᠭᠤᠯᠬᠤ ᠶᠢ ᠵᠣᠷᠢᠭᠵᠢᠭᠤᠯᠵᠤ᠂ ᠴᠢᠮᠡᠭᠡ ᠬᠤᠯᠪᠣᠭᠠᠨ ᠤ ᠠᠵᠤ ᠠᠬᠤᠶᠢᠯᠠᠯ ᠤᠨ 5G ᠰᠦᠯᠵᠢᠶᠡᠨ ᠤ ᠬᠡᠪᠴᠢᠶᠡᠲᠦ ᠰᠦᠯᠵᠢᠶ᠎ᠡ | ᠥᠷᠨᠢᠭᠦᠯᠬᠦ ᠶᠢ ᠳᠡᠮᠵᠢᠵᠦ᠂ ᠴᠢᠮᠡᠭᠡ ᠬᠤᠯᠪᠣᠭᠠᠨ ᠤ ᠰᠠᠭᠤᠷᠢ ᠥᠷᠲᠡᠭᠡ ᠳᠤ ᠴᠠᠬᠢᠯᠭᠠᠨ ᠬᠡᠷᠡᠭᠯᠡᠬᠦ ᠪᠠᠷ ᠮᠡᠳᠡᠭᠦᠯᠦᠨ ᠬᠢᠨᠠᠭᠤᠯᠬᠤ ᠶᠢᠨ ᠰᠠᠭᠠᠳ ᠥᠬᠡᠶ ᠨᠡᠪᠲᠡᠷᠡᠬᠦ | ᠵᠠᠮ ᠪᠠᠶᠢᠭᠤᠯᠵᠤ᠂ ᠲᠣᠭᠠᠴᠢᠯᠠᠭᠰᠠᠨ ᠠᠵᠤ ᠠᠬᠤᠶ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠣᠯᠠᠨ | ᠲᠠᠯᠠᠲᠤ ᠠᠷᠠᠯᠵᠢᠶᠠᠨ ᠤ ᠲᠦᠷᠢᠮ ᠶᠣᠰᠣᠭᠠᠷ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠭᠰᠡᠨ ᠠᠷᠠᠯᠵᠢᠶᠠᠨ ᠳᠤ ᠣᠷᠣᠯᠴᠠᠬᠤ ᠶᠢ ᠳᠡᠮᠵᠢᠨ᠎ᠡ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠦᠨ᠎ᠡ | 16. ︽ᠬᠠᠮᠢᠶᠠᠷᠤᠯᠲᠠ ᠶᠢᠨ ᠵᠥᠪᠯᠡᠯ ᠤᠨ ᠺᠣᠮᠫᠠᠨᠢ︾ ᠶᠢᠨ ᠡᠵᠡᠩᠨᠡᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠬᠠᠮᠢᠶᠠᠷᠤᠯᠲᠠ ᠶᠢᠨ ᠪᠠᠶᠢᠭᠤᠯᠤᠮᠵᠢ | ᠬᠢᠭᠡᠳ ᠡᠵᠡᠩᠨᠡᠯᠲᠡ ᠶᠢᠨ ᠪᠠᠶᠢᠭᠤᠯᠤᠮᠵᠢ ᠶᠢ ᠰᠠᠯᠭᠠᠬᠤ ᠲᠦᠷᠢᠮ ᠢ ᠬᠡᠷᠡᠭᠵᠢᠭᠦᠯᠦᠨ᠎ᠡ᠃ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ︽ᠢᠯᠡᠭᠦᠦ | ᠬᠥᠳᠡᠯᠮᠦᠷᠢᠯᠡᠪᠡᠯ ᠢᠯᠡᠭᠦᠦ ᠣᠯᠭᠤᠬᠤ᠂ ᠰᠢᠯᠢᠳᠡᠭ ᠠᠮᠵᠢᠯᠲᠠ ᠪᠦᠲᠦᠮᠵᠢ ᠣᠯᠪᠠᠯ ᠰᠠᠶᠢᠨ ᠬᠠᠷᠠᠮᠵᠢ ᠣᠯᠬᠤ︾ ᠬᠥᠳᠡᠯᠦᠩᠭᠦᠢ ᠪᠠᠷ ᠤᠷᠮᠠᠰᠢᠭᠤᠯᠬᠤ ᠰᠠᠶᠢᠨ | ᠰᠠᠶᠢᠬᠠᠨ ᠬᠥᠮᠥᠨ ᠬᠡᠷᠡᠭᠯᠡᠬᠦ ᠲᠣᠭᠲᠠᠴᠠ ᠶᠢ ᠪᠠᠶᠢᠭᠤᠯᠬᠤ ᠶᠢ ᠳᠡᠮᠵᠢᠵᠦ᠂ ᠠᠵᠢᠯ ᠦᠢᠯᠡᠰ ᠤᠨ ᠨᠢᠭᠡᠴᠡ ᠶᠢᠨ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ | ᠣᠨ ᠤ ᠴᠠᠯᠢᠩ ᠤᠨ ᠳᠦᠷᠢᠮ᠂ ᠲᠥᠷᠥᠯ ᠵᠦᠢᠯ ᠤᠨ ᠴᠠᠯᠢᠩ᠂ ᠵᠥᠪᠯᠡᠯᠴᠡᠭᠡᠷ ᠤᠨ ᠴᠠᠯᠢᠩ ᠵᠡᠷᠭᠡ ᠣᠯᠠᠨ ᠵᠦᠢᠯ ᠤᠨ ᠬᠤᠪᠢᠶᠠᠷᠢᠯᠠᠯᠲᠠ ᠶᠢᠨ ᠬᠡᠯᠪᠡᠷᠢ ᠶᠢ | ᠰᠦᠪᠡᠭᠴᠢᠯᠡᠨ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ︶ | ︵ᠳᠤᠯᠤᠭ᠎ᠠ︶ ᠡᠯᠧᠮᠧᠨ᠋ᠲ ᠤᠨ ᠪᠠᠲᠤᠯᠠᠭ᠎ᠠ ᠪᠠ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠴᠢᠩᠭᠠᠳᠬᠠᠨ᠎ᠠ | 17. ᠲᠣᠭᠤᠷᠢᠭ ᠤᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠦᠯᠡᠳᠡᠭᠡᠯ ᠭᠠᠵᠠᠷ ᠰᠢᠷᠣᠶ ᠶᠢ ᠵᠦᠶ ᠵᠣᠬᠢᠰᠲᠠᠶ ᠰᠠᠯᠭᠠᠵᠤ ᠰᠢᠯᠵᠢᠭᠦᠯᠦᠨ ᠥᠭᠬᠦ ᠶᠢ | ᠳᠡᠮᠵᠢᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠪᠠ ᠲᠦᠯᠦᠪᠦᠷᠢᠲᠡᠢ ᠰᠢᠯᠵᠢᠭᠦᠯᠬᠦ ᠭᠡᠷ᠎ᠡ ᠶᠢᠨ ᠪᠣᠯᠵᠤᠭ᠎ᠠ ᠳᠤ ᠨᠡᠶᠢᠴᠡᠭᠰᠡᠨ ᠤᠷᠢᠲᠠᠯ ᠳᠣᠤᠷ᠎ᠠ᠂ | ᠠᠷᠠᠯᠵᠢᠶᠠᠨ ᠤ ᠡᠷᠬᠡ ᠴᠢᠯᠥᠭᠡ ᠶᠢ ᠭᠦᠢᠴᠡᠳ ᠪᠠᠲᠤᠯᠠᠵᠤ᠂ ᠥᠯᠥ ᠬᠥᠳᠡᠯᠬᠦ ᠬᠥᠷᠥᠩᠭᠡ ᠶᠢᠨ ᠰᠢᠯᠵᠢᠭᠦᠯᠬᠦ ᠳᠡᠩᠰᠡᠯᠡᠯᠲᠡ ᠶᠢ ᠬᠠᠤᠯᠢ ᠶᠣᠰᠣᠭᠠᠷ ᠭᠦᠢᠴᠡᠳᠬᠡᠨ᠎ᠡ᠃ | ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶ | 18. ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠰᠠᠭᠤᠷᠢ | ᠮᠥᠩᠭᠦ᠂ ᠡᠯ᠎ᠡ ᠲᠥᠷᠥᠯ ᠤᠨ ᠠᠵᠤ ᠦᠢᠯᠡᠰ ᠤᠨ ᠲᠤᠰᠬᠠᠶ ᠪᠠᠯᠠ ᠮᠥᠩᠭᠦ᠂ ᠲᠤᠰᠬᠠᠶ ᠵᠢᠭᠡᠯᠡᠯᠭᠡ ᠶᠢᠨ ᠲᠡᠮᠳᠡᠭᠲᠦ ᠶᠢ ᠠᠰᠢᠭᠯᠠᠨ ᠰᠠᠭᠤᠷᠢ ᠪᠡᠯᠡᠳᠬᠡᠮᠵᠢ ᠵᠢᠴᠢ | ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠶᠢ ᠳᠡᠮᠵᠢᠨ᠎ᠡ᠃ ᠬᠤᠲᠠ ᠶᠢᠨ ᠲᠣᠰ ᠱᠠᠲᠤ ᠵᠢᠯ ᠪᠦᠷᠢ ᠵᠣᠬᠢᠬᠤ ᠲᠤᠰᠬᠠᠶ | ᠪᠠᠯᠠ ᠮᠥᠩᠭᠦ ᠳᠣᠭᠢᠷᠠᠭᠤᠯᠵᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠰᠢᠨᠡᠳᠭᠡᠨ ᠥᠭᠡᠷᠡᠴᠢᠯᠡᠬᠦ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢ | ᠳᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠵᠠᠮ | ᠬᠠᠷᠢᠯᠴᠠᠭᠠᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶᠃ | 19. ᠠᠵᠤ ᠠᠬᠤᠶ ᠶᠢᠨ ᠨᠡᠭᠡᠭᠡᠯᠲᠡ ᠬᠢᠬᠦ ᠣᠷᠣᠨ ᠢᠶᠠᠷ ᠳᠡᠮᠵᠢᠨ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠲᠤᠰᠬᠠᠶ ᠵᠦᠢᠯ ᠢᠶᠠᠷ ᠰᠢᠯᠵᠢᠭᠦᠯᠦᠨ | ᠥᠭᠬᠦ ᠨᠡᠪᠲᠡᠷᠡᠬᠦ ᠵᠠᠮ ᠢ ᠠᠰ ᠲᠤᠨᠢ ᠨᠡᠭᠡᠭᠡᠬᠦ ᠶᠢ ᠳᠡᠮᠵᠢᠵᠦ᠂ ᠲᠤᠰᠠᠭᠠᠷ ᠵᠢᠭᠰᠠᠭᠠᠨ᠂ ᠲᠤᠰᠠᠭᠠᠷ ᠵᠣᠭᠤᠰ ᠲᠣᠬᠢᠷᠠᠭᠤᠯᠬᠤ ᠶᠢ ᠪᠡᠶᠡᠯᠡᠭᠦᠯᠦᠨ᠎ᠡ᠃ ᠠᠵᠤ | ᠦᠢᠯᠡᠳᠪᠦᠷᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠳᠡᠮᠵᠢᠬᠦ ᠳᠤ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠥᠷᠢ | ᠥᠭᠴᠡᠭᠡ ᠶᠢ ᠬᠠᠮᠢᠶᠠᠷᠬᠤ ᠵᠠᠭᠪᠤᠷ ᠢᠶᠠᠷ ᠯᠠᠪᠯᠠᠯᠲᠠ ᠪᠣᠯᠭᠠᠬᠤ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | 20. ᠪᠣᠷᠣᠲᠣᠬᠤᠶ ᠶᠢᠨ ᠳᠡᠭᠡᠳᠦ ᠰᠤᠷᠭᠠᠭᠤᠯᠢ᠂ ᠪᠠᠶᠠᠨᠨᠠᠭᠤᠷ ᠤᠨ ᠮᠠᠰᠲ᠋ᠧᠷ ᠤᠨ ᠳᠡᠭᠡᠳᠦ ᠰᠤᠷᠭᠠᠭᠤᠯᠢ᠂ ᠯᠢᠨ ᠾᠧ ᠲᠣᠭᠤᠷᠢᠭ ᠤᠨ ᠨᠢᠭᠡᠳᠦᠭᠡᠷ ᠠᠵᠢᠯ | ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ ᠳᠤ ᠠᠵᠢᠯ ᠲᠥᠷᠥᠯ ᠤᠨ ᠰᠢᠰᠲ᠋ᠧᠮ ᠤᠨ ᠲᠤᠰᠬᠠᠶ ᠮᠡᠷᠭᠡᠵᠢᠯ | ᠂ ᠬᠢᠴᠢᠶᠡᠯ ᠲᠥᠷᠥᠯ ᠢ ᠪᠠᠶᠢᠭᠤᠯᠬᠤ ᠶᠢ ᠬᠠᠶᠢᠨ ᠰᠦᠪᠡᠭᠴᠢᠯᠡᠵᠦ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠠᠵᠤ ᠠᠬᠤᠶᠢᠯᠠᠯ ᠤᠨ ᠠᠵᠢᠯᠴᠢᠨ | ᠬᠡᠷᠡᠭᠯᠡᠬᠦ ᠳᠤ ᠮᠡᠷᠭᠡᠵᠢᠯ ᠤᠨ ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | | | | ᠬᠠᠮᠢᠶ᠎ᠠ ᠪᠥᠬᠦᠶ ᠪᠢᠴᠢᠭ ᠮᠠᠲ᠋ᠧᠷᠢᠶᠠᠯ᠄ ︽ᠪᠠᠶᠠᠨᠨᠠᠭᠤᠷ ᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠶ | ᠬᠥᠭᠵᠢᠯᠲᠡ ᠶᠢ ᠳᠡᠮᠵᠢᠬᠦ ᠲᠤᠬᠠᠶ ᠪᠣᠳᠠᠲᠠᠶ ᠠᠷᠭ᠎ᠠ ᠬᠡᠮᠵᠢᠶ᠎ᠡ︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ | |