ᠰᠦᠨ ᠴᠦᠨ ᠮᠧᠶ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠤᠨ ᠡᠭᠡᠯᠵᠢᠳᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/22
      7 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠦᠨ ᠴᠦᠨ ᠮᠧᠶ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠤᠨ ᠵᠤᠷᠰᠢᠮᠠᠯ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ  ᠵᠦᠢᠯ ᠤᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠥᠪ ᠤᠨ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠳᠡᠭᠡᠷ᠎ᠡ ᠶᠠᠷᠢᠶ᠎ᠠ ᠲᠠᠯᠪᠢᠬᠤ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠡᠯ᠎ᠡ ᠵᠢᠭᠠᠨ ᠵᠢᠯᠣᠭᠤᠳᠣᠭᠴᠢ  ᠬᠠᠷᠢᠭᠤᠴᠠᠵᠤ ᠪᠠᠶᠢᠭ᠎ᠠ ᠠᠵᠢᠯ ᠢᠶᠠᠨ ᠲᠠᠷᠢᠶ᠎ᠠ ᠪᠠᠨ ᠰᠠᠶᠢᠲᠤᠷ ᠬᠢᠵᠦ᠂ ᠠᠰᠠᠭᠤᠳᠠᠯ ᠢ ᠢᠯᠡᠷᠡᠭᠦᠯᠵᠦ ᠬᠠᠷᠢᠭᠤ ᠲᠤᠰᠬᠠᠵᠤ ᠴᠡᠭᠴᠡᠯᠡᠨ ᠰᠠᠶᠢᠵᠢᠷᠠᠭᠤᠯᠬᠤ ᠪᠥᠬᠦ ᠶᠠᠪᠤᠴᠠ ᠶᠢᠨ ᠱᠠᠭᠠᠷᠳᠠᠯᠭ᠎ᠠ ᠶᠣᠰᠣᠭᠠᠷ᠂ ᠡᠭᠦᠳᠦᠨ ᠪᠠᠶᠢᠭᠤᠯᠬᠤ ᠠᠵᠢᠯ ᠢ ᠪᠠᠶᠢᠩᠭᠤ ᠶᠢᠨ ᠴᠢᠨᠠᠷᠲᠠᠶ ᠣᠷᠳᠣ ᠬᠤᠭᠤᠴᠠᠭ᠎ᠠ ᠪᠠᠷ ᠪᠦᠲᠦᠮᠵᠢᠲᠡᠶ ᠰᠠᠶᠢᠲᠤᠷ ᠠᠳᠬᠤᠬᠤ ᠬᠡᠷᠡᠭᠲᠡᠶ᠃ ᠠᠯᠳᠠᠭ᠎ᠠ ᠪᠤᠷᠤᠭᠤ ᠪᠠᠨ ᠪᠠᠶᠢᠴᠠᠭᠠᠨ ᠨᠥᠬᠦᠪᠥᠷᠢᠯᠡᠵᠦ᠂ ᠰᠦᠯᠵᠢᠶ᠎ᠡ ᠪᠠᠷ ᠮᠡᠳᠡᠭᠦᠯᠬᠦ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠠᠵᠢᠯ ᠢ ᠰᠠᠶᠢᠲᠤᠷ ᠠᠤᠨᠬᠤᠨ᠂ ᠮᠠᠨ ᠤ ᠬᠤᠰᠢᠭᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ