ᠸᠠᠩ ᠶᠦᠨ ᠲᠡᠯ ᠠᠭᠤᠯᠠ ᠪᠠᠯᠭᠠᠰᠤᠨ ᠳᠤ ᠬᠦᠨᠵᠡᠬᠡᠶᠢᠷᠡᠨ ᠭᠤᠤᠯᠳᠠᠯᠭ᠎ᠠ ᠲᠠᠢ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/22
      7 ᠰᠠᠷ᠎ᠠ ᠶᠢᠨ 9 ᠤ ᠡᠳᠦᠷ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠸᠠᠩ ᠶᠦᠨ ᠲᠡᠯ ᠠᠭᠤᠯᠠ ᠪᠠᠯᠭᠠᠰᠤᠨ ᠳᠤ ᠬᠦᠨᠵᠡᠬᠡᠶᠢᠷᠡᠨ ᠯᠠᠵᠤᠤ ᠶᠢᠨ ᠠᠵᠤ  ᠦᠢᠯᠡᠰ ᠤᠨ ᠬᠦᠷᠢᠶᠡᠯᠡᠩ᠂ ᠰᠾᠢ ᠢ ᠲᠠᠩ ᠰᠠᠭᠤᠭᠠᠯᠢ ᠠᠷᠠᠤᠨ ᠤᠨ ᠠᠰᠠᠷ᠂ ᠯᠠᠵᠤᠤ ᠪᠣᠯᠪᠠᠰᠤᠷᠠᠭᠤᠯᠬᠤ  ᠦᠢᠯᠡᠳᠪᠦᠷᠢ ᠶᠢᠨ  ᠬᠦᠢᠲᠡᠨ ᠬᠥᠮᠥᠷᠭᠡ ᠶᠢ ᠥᠷᠭᠡᠳᠬᠡᠨ ᠪᠠᠶᠢᠭᠤᠯᠬᠤ ᠲᠥᠷᠥᠯ  ᠵᠦᠢᠯ᠂ 2023 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠲᠤᠨ ᠭᠤᠤᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ᠂ ᠲᠠᠷᠢᠶᠠᠯᠠᠩ ᠤᠨ ᠭᠠᠩ ᠬᠠᠭᠰᠠᠷᠠᠭᠠᠨ ᠤ ᠪᠠᠶᠢᠳᠠᠯ᠂ ᠰᠾᠢ ᠬᠠᠶ ᠲᠦᠩ ᠰᠢᠨ ᠡᠪᠡᠰᠦᠨ ᠤ ᠠᠵᠤ  ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠶ  ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠲᠡᠯ ᠠᠭᠤᠯᠠ ᠪᠠᠯᠭᠠᠰᠤ ᠶᠢ ᠨᠢᠭᠡᠳᠦᠯᠲᠡᠶ ᠲᠥᠯᠥᠪᠯᠡᠬᠦ᠂ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠲᠥᠯᠥᠪᠯᠡᠭᠡ ᠪᠠᠨ ᠰᠠᠶᠢᠳᠤᠷ ᠵᠢᠭᠰᠠᠭᠠᠵᠤ᠂ ᠲᠥᠷᠥᠯ  ᠵᠦᠢᠯ ᠢ ᠡᠷᠲᠡᠬᠡᠨ ᠪᠠᠶᠢᠭᠤᠯᠵᠤ ᠳᠠᠭᠤᠰᠬᠠᠨ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠳᠡᠢ ᠬᠡᠵᠦ ᠱᠠᠭᠠᠷᠳᠠᠪᠠ᠃
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ