ᠪᠣᠣ ᠯᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠲᠦᠷᠦᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/22
      7 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠪᠣᠣ ᠯᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠲᠦᠷᠦᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠤᠰᠬᠠᠶ ᠲᠦᠷᠦᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠰᠤᠳᠤᠯᠤᠨ ᠰᠢᠢᠳᠪᠦᠷᠢᠯᠡᠵᠦ᠂ ᠡᠯ᠎ᠡ  ᠵᠦᠢᠯ ᠤᠨ ᠡᠭᠦᠷᠭᠡ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠪᠠ᠃       ᠪᠣᠣ ᠯᠢᠨ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰᠬᠠᠢ ᠲᠦᠷᠦᠯ ᠤᠨ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ ᠰᠡᠤᠨᠬᠢᠯᠬᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠡᠯ᠎ᠡ ᠨᠢᠭᠡᠴᠢ ᠶᠢᠨ ᠭᠤᠤᠯ ᠬᠠᠷᠢᠭᠤᠴᠠᠯᠭᠠᠲᠠᠤᠨ ᠲᠤᠰᠬᠠᠶ ᠲᠦᠷᠦᠯ ᠤᠨ ᠴᠡᠭᠴᠡᠯᠡᠨ ᠵᠠᠰᠠᠬᠤ ᠠᠵᠢᠯ ᠥᠷᠨᠢᠭᠦᠯᠦᠭᠰᠡᠨ ᠪᠠᠶᠢᠳᠠᠯ ᠢ ᠴᠢᠩᠭ᠎ᠠ ᠱᠠᠭᠠᠷᠳᠠᠵᠤ᠂ ᠪᠣᠭᠤᠮᠲᠠ ᠶᠢ ᠴᠢᠩᠭ᠎ᠠ ᠰᠠᠬᠢᠵᠤ᠂ ᠭᠦᠨᠵᠡᠭᠡᠶ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠵᠤ᠂ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠵᠡᠷᠭᠡ ᠳᠥᠷᠪᠡᠨ ᠶᠡᠭᠡ ᠠᠵᠢᠯ ᠲᠥᠷᠥᠯ ᠤᠨ ᠬᠦᠷᠢᠶᠡᠨ ᠳᠠᠬᠢ ᠠᠰᠠᠭᠤᠳᠠᠯ ᠢ ᠦᠨᠳᠦᠰᠦᠨ ᠠᠴᠠ ᠨᠢ  ᠰᠢᠢᠳᠪᠦᠷᠢᠯᠡᠬᠦ ᠶᠢ ᠭᠤᠤᠯᠳᠠᠯᠭ᠎ᠠ ᠲᠠᠢ ᠠᠬᠢᠭᠤᠯᠤᠨ᠂ ︽ᠠᠰᠠᠭᠤᠳᠠᠯ ᠥᠬᠡᠶ᠂ ᠳᠡᠭᠡᠭᠰᠢ ᠮᠡᠳᠡᠭᠦᠯᠬᠦ ᠥᠬᠡᠶ ︾ ᠦᠵᠡᠭᠳᠡᠯ ᠭᠠᠷᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃       ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠰᠬᠠᠶ ᠲᠦᠷᠦᠯ ᠤᠨ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ  ᠶᠢ ᠠᠬᠢᠭᠤᠯᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠰᠠᠭᠤᠳᠠᠯ ᠭᠦᠨᠵᠡᠭᠡᠶ ᠪᠤᠰᠤ᠂ ᠣᠨᠣᠪᠴᠢ ᠦᠭᠡᠶ᠂ ᠪᠣᠳᠠᠲᠠᠶᠢᠵᠢᠭᠤᠯᠤᠭᠰᠠᠨ ᠦᠭᠡᠶ ᠪᠠᠶᠢᠬᠤ ᠦᠨᠳᠦᠰᠦ ᠰᠤᠷᠪᠤᠯᠵᠢ ᠶᠢ ᠭᠦᠨᠵᠡᠭᠡᠶ ᠡᠮᠬᠢᠯᠡᠨ ᠡᠷᠢᠵᠦ᠂ ᠠᠵᠢᠯ ᠢᠶᠠᠨ ᠴᠢᠭᠯᠡᠭᠦᠯᠬᠦ ᠴᠢᠨᠠᠷᠲᠠᠶ ᠪᠠᠷ ᠰᠠᠶᠢᠵᠢᠷᠠᠭᠤᠯᠤᠨ᠂ ᠪᠠᠯᠠᠶ ᠣᠷᠣᠨ ᠢ ᠠᠷᠢᠯᠭᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠬᠦᠷᠢᠶᠡᠨ ᠳᠠᠬᠢ ᠠᠷᠬᠠᠭ ᠭᠡᠮ ᠢ ᠦᠨᠡᠨᠬᠦ ᠠᠭᠤᠳᠠᠯᠤᠨ ᠭᠠᠷᠭᠠᠵᠤ᠂ ᠴᠡᠪᠡᠷᠯᠡᠨ ᠠᠷᠢᠯᠭᠠᠬᠤ ᠬᠡᠷᠡᠭᠲᠡᠶ᠃ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠠᠵᠢᠯ ᠢ ᠭᠦᠨᠵᠡᠭᠡᠢ ᠥᠷᠨᠢᠭᠦᠯᠵᠦ᠂ ᠪᠠᠶᠢᠴᠠᠭᠠᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠪᠠᠶᠢᠴᠠᠭᠠᠬᠤ ᠪᠠᠷ ᠪᠠᠶᠢᠭᠤᠯᠬᠤ ᠶᠢ ᠠᠬᠢᠭᠤᠯᠬᠤ᠂ ᠪᠠᠶᠢᠴᠠᠭᠠᠬᠤ ᠪᠠᠷ ᠵᠠᠰᠠᠬᠤ ᠶᠢ ᠠᠬᠢᠭᠤᠯᠬᠤ ᠬᠡᠷᠡᠭᠲᠡᠢ᠃ ᠲᠦᠷᠢᠮ ᠲᠣᠭᠲᠠᠴᠠ ᠶᠢ ᠱᠠᠯᠠᠪᠳᠠᠨ ᠲᠡᠭᠦᠯᠳᠡᠷᠵᠢᠭᠦᠯᠵᠦ᠂ ᠲᠦᠷᠢᠮ ᠢᠶᠠᠷ ᠬᠥᠮᠦᠨ ᠢ ᠬᠠᠮᠢᠶᠠᠷᠤᠨ᠂ ᠶᠠᠪᠤᠴᠠ ᠪᠠᠷ ᠤᠴᠢᠷ ᠶᠠᠪᠤᠳᠠᠯ ᠢ ᠬᠠᠮᠢᠶᠠᠷᠴᠤ᠂ ᠡᠷᠬᠡ ᠲᠡᠭᠰᠢ ᠲᠥᠪ ᠭᠤᠤᠯᠴᠢ᠂ ᠵᠢᠷᠤᠮᠵᠢᠭᠤᠨ ᠥᠨᠳᠥᠷ ᠪᠦᠲᠦᠮᠵᠢᠲᠡᠶ᠂ ᠢᠯᠡ ᠲᠣᠳᠣ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠨ᠂ ᠲᠤᠰᠬᠠᠶ ᠲᠦᠷᠦᠯ ᠤᠨ ᠴᠡᠭᠴᠡᠯᠡᠨ ᠵᠠᠰᠠᠬᠤ ᠶᠢ ᠪᠤᠳᠠᠳᠠᠶᠢᠵᠢᠭᠤᠯᠤᠨ ᠠᠬᠢᠭᠤᠯᠬᠤ ᠡᠯ᠎ᠡ  ᠵᠦᠢᠯ ᠤᠨ ᠡᠭᠦᠷᠭᠡ ᠶᠢ ᠵᠢᠱᠢᠭᠰᠡᠨ ᠬᠠᠷᠠᠯᠲᠠ ᠳᠤ ᠬᠦᠷᠭᠡᠬᠦ ᠬᠡᠷᠡᠭᠲᠡᠶ ᠬᠡᠵᠦ ᠵᠢᠭᠠᠵᠤ ᠭᠠᠷᠭᠠᠪᠠ᠃       ᠬᠤᠰᠢᠭᠤᠨ ᠤ ᠤᠳᠤᠷᠢᠳᠤᠯᠭ᠎ᠠ ᠶᠠᠨ ᠸᠧᠶ ᠬᠤᠷᠠᠯ ᠳᠤ ᠣᠷᠣᠯᠴᠠᠪᠠ᠃  
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ