ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠰᠤᠪᠢᠯᠠᠯᠲᠠ ᠶᠢᠨ ᠰᠠᠯᠠᠭ᠎ᠠ ᠳᠡᠭᠡᠷ᠎ᠡ ᠬᠠᠭᠠᠰ ᠵᠢᠯ ᠤᠨ ᠰᠤᠪᠢᠯᠠᠯᠲᠠ ᠶᠢᠨ ᠭᠤᠷᠪᠠᠨ ᠦᠨᠳᠦᠰᠦᠨ ᠣᠨᠣᠯ ᠤᠨ ᠰᠢᠯᠭᠠᠯᠲᠠ ᠶᠢ ᠵᠣᠬᠢᠶᠠᠨ ᠪᠠᠶᠢᠭᠤᠯᠵᠦ ᠥᠷᠨᠢᠭᠦᠯᠪᠡ
ᠨᠡᠶᠢᠲᠡᠯᠡᠭᠰᠡᠨ ᠴᠠᠭ᠄
2024/7/22
      ᠰᠤᠪᠢᠯᠠᠭᠴᠢᠳ ᠤᠨ ᠲᠤᠰᠬᠠᠶ ᠮᠡᠷᠭᠡᠵᠢᠯ ᠤᠨ ᠰᠠᠭᠤᠷᠢ ᠮᠡᠳᠡᠯᠭᠡ ᠶᠢ ᠪᠥᠬᠦ ᠲᠠᠯ᠎ᠠ ᠪᠠᠷ ᠦᠨᠡᠯᠡᠨ ᠵᠢᠱᠢᠵᠦ᠂ ᠰᠤᠪᠢᠯᠠᠯᠲᠠ ᠶᠢᠨ ᠡᠩᠨᠡᠭᠡᠨ ᠤ ᠠᠭᠤᠯᠤᠭᠳᠠᠬᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠰᠤᠪᠢᠯᠠᠭᠴᠢᠳ ᠤᠨ ᠦᠨᠳᠦᠰᠦᠨ ᠣᠨᠣᠯ ᠵᠢᠴᠢ ᠰᠠᠭᠤᠷᠢ ᠮᠡᠳᠡᠯᠭᠡ ᠶᠢ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠵᠦ᠂ ᠰᠤᠪᠢᠯᠠᠯᠲᠠ ᠶᠢᠨ ᠶᠠᠰᠤ ᠴᠢᠨᠠᠷ ᠪᠠ ᠰᠤᠪᠢᠯᠠᠯᠲᠠ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠰᠤᠪᠢᠯᠠᠯᠲᠠ ᠶᠢᠨ ᠰᠠᠯᠠᠭ᠎ᠠ ᠨᠢ 7 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ 2024 ᠣᠨ ᠤ ᠳᠡᠭᠡᠷ᠎ᠡ ᠬᠠᠭᠠᠰ ᠵᠢᠯ ᠤᠨ ᠰᠤᠪᠢᠯᠠᠯᠲᠠ ᠶᠢᠨ ᠭᠤᠷᠪᠠᠨ ᠦᠨᠳᠦᠰᠦᠨ ᠣᠨᠣᠯ ᠤᠨ ᠰᠢᠯᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠰᠢᠯᠭᠠᠯᠲᠠ ᠶᠢᠨ ᠠᠭᠤᠯᠭ᠎ᠠ  ᠳᠤ ᠰᠤᠪᠢᠯᠠᠬᠤ ᠤᠬᠠᠭᠠᠨ ᠤ ᠣᠨᠣᠯ ᠵᠢᠴᠢ ᠤᠷ᠎ᠠ ᠴᠢᠳᠠᠪᠤᠷᠢ ᠶᠢᠨ ᠰᠠᠭᠤᠷᠢ ᠮᠡᠳᠡᠯᠭᠡ ᠶᠢ ᠬᠠᠮᠤᠷᠴᠤ᠂ ᠪᠥᠬᠦ ᠬᠤᠷᠢᠶᠠᠨ ᠤ ᠰᠤᠪᠢᠯᠠᠭᠴᠢᠳ ᠲᠣᠰ ᠤᠳᠠᠭᠠᠨ ᠤ ᠰᠢᠯᠭᠠᠯᠲᠠ ᠳᠤ ᠣᠷᠣᠯᠴᠠᠭᠰᠠᠨ ᠪᠠᠶᠢᠨ᠎ᠠ᠃       ᠲᠣᠰ ᠤᠳᠠᠭᠠᠨ ᠤ ᠰᠢᠯᠭᠠᠯᠲᠠ ᠶᠢᠨ ᠪᠥᠬᠦ ᠶᠠᠪᠤᠴᠠ ᠶᠢ ᠰᠤᠪᠢᠯᠠᠯᠲᠠ ᠶᠢᠨ ᠰᠠᠯᠠᠭ᠎ᠠ ᠶᠢᠨ ᠡᠷᠬᠢᠯᠡᠭᠴᠢ ᠸᠠᠩ ᠯᠢ ᠫᠢᠩ ᠵᠢᠴᠢ ᠰᠤᠪᠢᠯᠠᠯᠲᠠ ᠶᠢᠨ ᠰᠠᠯᠠᠭᠠᠨ ᠤ ᠠᠵᠢᠯᠲᠠᠤᠨ ᠰᠢᠯᠭᠠᠯᠳᠠ ᠶᠢᠨ ᠬᠢᠨᠠᠭᠴᠢ ᠪᠤᠯᠵᠦ᠂ ᠰᠢᠯᠭᠠᠯᠲᠠ ᠶᠢᠨ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠪᠠᠶᠢᠬᠤ ᠵᠠᠷᠴᠢᠮ ᠢ ᠪᠠᠲᠤᠯᠠᠬᠤ ᠶᠢᠨ ᠲᠥᠯᠥᠭᠡ᠂ ᠰᠢᠯᠭᠠᠯᠲᠠ ᠶᠢᠨ ᠶᠠᠪᠤᠴᠠ ᠳᠤ ᠰᠢᠯᠭᠠᠯᠲᠠ ᠶᠢᠨ ᠬᠢᠨᠠᠭᠴᠢ ᠭᠤᠷᠪᠠᠨ ᠦᠨᠳᠦᠰᠦᠨ ᠤᠨᠤᠯ ᠤᠨ ᠬᠢᠨᠠᠨ ᠰᠢᠯᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠰᠢᠯᠭᠠᠯᠲᠠ  ᠶᠢᠨ ᠲᠠᠯᠠᠪᠤᠷ ᠤᠨ ᠰᠠᠬᠢᠯᠭ᠎ᠠ ᠪᠠᠲᠤ ᠶᠢ ᠴᠢᠩᠭ᠎ᠠ ᠲᠣᠳᠣᠷᠬᠠᠶ ᠪᠠᠶᠢᠯᠭᠠᠬᠤ ᠶᠢ ᠪᠠᠲᠤᠯᠠᠪᠠ᠃       ᠲᠣᠰ ᠤᠳᠠᠭᠠᠨ ᠤ ᠰᠢᠯᠭᠠᠯᠲᠠ ᠳᠤ᠂ ᠰᠤᠪᠢᠯᠠᠯᠲᠠ ᠶᠢᠨ ᠰᠠᠯᠠᠭ᠎ᠠ ᠨᠢ ᠰᠢᠯᠭᠠᠯᠲᠠ ᠪᠠᠷ ᠰᠤᠷᠤᠯᠭ᠎ᠠ ᠶᠢ ᠠᠬᠢᠭᠤᠯᠬᠤ ᠬᠡᠯᠪᠡᠷᠢ ᠪᠠᠷ ᠳᠠᠮᠵᠢᠭᠤᠯᠤᠨ᠂ ᠪᠥᠬᠦ ᠬᠤᠷᠢᠶᠠᠨ ᠤ ᠰᠤᠪᠢᠯᠠᠭᠴᠢ ᠶᠢᠨ ᠭᠤᠷᠪᠠᠨ ᠦᠨᠳᠦᠰᠦᠨ ᠣᠨᠣᠯ ᠤᠨ ᠮᠡᠳᠡᠯᠭᠡ ᠶᠢᠨ ᠵᠠᠪᠠᠯ ᠮᠡᠳᠡᠪᠡᠰᠦ ᠵᠣᠬᠢᠬᠤ ᠠᠭᠤᠯᠭ᠎ᠠ ᠶᠢ ᠰᠤᠷᠤᠯᠴᠠᠬᠤ ᠶᠢ ᠠᠬᠢᠭᠤᠯᠤᠭᠰᠠᠨ ᠪᠥᠭᠡᠳ ᠲᠣᠰ ᠤᠳᠠᠭᠠᠨ ᠤ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠰᠢᠯᠭᠠᠯᠲᠠ ᠳᠤ ᠬᠢᠷᠢ ᠲᠡᠩᠴᠡᠭᠰᠡᠨ ᠥᠬᠡᠶ ᠬᠥᠮᠦᠰ ᠢ ᠦᠷᠭᠦᠯᠵᠢᠯᠡᠨ ᠵᠣᠬᠢᠶᠠᠨ ᠪᠠᠶᠢᠭᠤᠯᠵᠤ ᠤᠯᠠᠮ ᠨᠢᠭᠡ ᠠᠯᠬᠤᠮ ᠰᠤᠷᠤᠯᠴᠠᠭᠤᠯᠵᠤ᠂ ᠳᠠᠷᠠᠭ᠎ᠠ ᠤᠳᠠᠭᠠᠨ ᠤ ᠰᠢᠯᠭᠠᠯᠲᠠ ᠳᠤ ᠲᠡᠬᠦᠰ ᠠᠮᠵᠢᠯᠳᠠ ᠤᠯᠬᠤ ᠪᠠᠷ ᠴᠢᠷᠮᠠᠶᠢᠨ᠎ᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ