ᠤᠷᠠᠳ ᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠠᠮ ᠤᠨ ᠰᠤᠷᠭᠠᠭᠤᠯᠢ ᠶᠢᠨ ᠠᠷᠪᠠ ᠶᠢᠰᠦᠳᠦᠭᠡᠷ ᠬᠤᠭᠤᠴᠠᠭᠠᠨ ᠤ ᠤᠯᠤᠰ ᠲᠥᠷᠥ ᠶᠢᠨ ᠪᠤᠯᠪᠠᠰᠤᠷᠠᠯ ᠵᠢᠴᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠤᠨᠬᠡᠯ ᠥᠭᠬᠦ ᠳᠦᠷᠢᠮ︾ ᠤᠨ ᠲᠤᠰᠬᠠᠶ ᠰᠡᠳᠦᠪᠲᠦ ᠰᠤᠷᠤᠯᠴᠠᠯᠭ᠎ᠠ ᠵᠢᠴᠢ ᠰᠢᠯᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/7/22
      7 ᠰᠠᠷ᠎ᠠ ᠶᠢᠨ 9 ᠤ ᠡᠳᠦᠷ᠂ ᠤᠷᠠᠳ ᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠠᠮ ᠤᠨ ᠰᠤᠷᠭᠠᠭᠤᠯᠢ ᠶᠢᠨ ᠠᠷᠪᠠ ᠶᠢᠰᠦᠳᠦᠭᠡᠷ ᠬᠤᠭᠤᠴᠠᠭᠠᠨ ᠤ ᠤᠯᠤᠰ ᠲᠥᠷᠥ ᠶᠢᠨ ᠪᠣᠯᠪᠠᠰᠤᠷᠠᠯ ᠵᠢᠴᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠤᠨᠬᠡᠯ ᠥᠭᠬᠦ ᠲᠦᠷᠢᠮ︾ ᠤᠨ ᠲᠤᠰᠬᠠᠶ ᠰᠡᠳᠦᠪᠲᠦ ᠰᠤᠷᠤᠯᠴᠠᠯᠭ᠎ᠠ ᠵᠢᠴᠢ ᠰᠢᠯᠭᠠᠯᠲᠠ ᠥᠷᠨᠢᠭᠦᠯᠪᠠ᠃       ᠬᠤᠷᠠᠯ ᠳᠡᠭᠡᠷ᠎ᠡ᠂ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠤᠯᠤᠰ ᠲᠥᠷᠥ ᠶᠢᠨ ᠠᠵᠢᠯ ᠤᠨ ᠠᠯᠪᠠᠨ ᠬᠡᠷ ᠤᠨ ᠡᠷᠬᠢᠯᠡᠭᠴᠢ ᠮᠠ ᠶᠦᠩ ᠴᠢᠶᠠᠩ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠤᠨᠬᠡᠯ ᠥᠭᠬᠦ ᠲᠦᠷᠢᠮ︾ ᠤᠨ ᠭᠤᠤᠯ ᠠᠭᠤᠯᠭ᠎ᠠ ᠶᠢ ᠰᠤᠷᠤᠯᠴᠠᠵᠤ᠂ ︽ᠲᠦᠷᠢᠮ︾ ᠳᠤ ᠲᠣᠭᠲᠠᠭᠠᠭᠰᠠᠨ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠵᠢᠷᠭᠤᠭᠠᠨ ᠶᠡᠭᠡ ᠲᠥᠷᠥᠯ ᠤᠨ ᠰᠠᠬᠢᠯᠭ᠎ᠠ ᠪᠠᠲᠤ ᠶᠢᠨ ᠲᠤᠬᠠᠶ ᠲᠠᠶᠢᠯᠤᠮᠵᠢ ᠬᠢᠪᠠ᠃ ᠨᠠᠮ ᠤᠨ ᠭᠡᠰᠢᠭᠦᠨ ᠨᠢᠭᠡᠪᠦᠷᠢ ᠶᠢ ︽ᠲᠦᠷᠢᠮ︾ ᠤᠨ ᠭᠤᠤᠯ ᠠᠭᠤᠯᠭ᠎ᠠ ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠣᠶᠢᠯᠠᠭᠠᠵᠤ᠂ ︽ᠲᠦᠷᠢᠮ︾ ᠢᠶᠠᠷ ᠥᠪᠡᠷ ᠤᠨ ᠦᠭᠡ ᠶᠠᠷᠢᠶ᠎ᠠ  ᠦᠢᠯᠡ ᠠᠵᠢᠯᠯᠠᠭ᠎ᠠ ᠪᠠᠨ ᠵᠢᠷᠤᠮᠵᠢᠭᠤᠯᠤᠨ ᠬᠢᠵᠠᠭᠠᠷᠯᠠᠵᠤ᠂ ᠠᠭᠤᠯᠤᠭᠳᠠᠬᠤᠨ ᠢ ᠡᠵᠡᠮᠰᠢᠨ᠂ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠵᠢᠵᠢᠭ ᠰᠠᠵᠢᠭ  ᠵᠦᠢᠯ ᠠᠴᠠ ᠡᠬᠢᠯᠡᠨ ᠠᠳᠬᠤᠵᠤ᠂ ᠡᠳᠦᠷ ᠲᠤᠲᠤᠮ  ᠠᠴᠠ ᠡᠬᠢᠯᠡᠨ ᠬᠢᠵᠦ᠂ ᠢᠳᠡᠪᠬᠢ ᠬᠦᠴᠦᠨ ᠢ ᠢᠳᠡᠪᠬᠢᠲᠡᠶ ᠤᠯᠠᠮᠵᠢᠯᠠᠨ᠂ ᠴᠠᠭ ᠢᠮᠠᠭᠲᠠ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠰᠠᠬᠢᠯᠭ᠎ᠠ ᠪᠠᠲᠤ ᠶᠢ ᠦᠨᠡᠨᠬᠦ ᠲᠡᠷᠢᠭᠦᠨ ᠳᠤ ᠲᠠᠯᠪᠢᠨ᠂ ᠲᠥᠪ ᠴᠢᠩᠭ᠎ᠠ ᠪᠠᠶᠢᠵᠦ᠂ ᠪᠣᠳᠠᠲᠠᠶ ᠬᠡᠷᠡᠭᠵᠢᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠱᠠᠭᠠᠷᠳᠠᠪᠠ᠃       ᠰᠤᠷᠤᠯᠴᠠᠯᠭ᠎ᠠ ᠪᠠᠷ ᠲᠠᠮᠵᠢᠨ᠂ ᠠᠷᠠᠳ ᠤᠨ ᠴᠠᠭᠳᠠᠭ᠎ᠠ ᠪᠠ ᠲᠤᠰᠠᠯᠠᠭᠴᠢ ᠴᠠᠭᠳᠠᠭ᠎ᠠ ᠨᠡᠷ ᠰᠢᠨ᠎ᠡ ︽ᠲᠦᠷᠢᠮ︾ ᠪᠣᠯ ᠨᠠᠮ ᠤᠨ ᠲᠥᠪ ᠬᠤᠷᠢᠶ᠎ᠠ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠲᠠᠬᠢᠨ ᠪᠠᠶᠢᠷᠢᠯᠠᠭᠤᠯᠤᠯᠲᠠ᠂ ᠲᠠᠬᠢᠨ ᠲᠠᠶᠢᠴᠢᠯᠠᠯᠳᠠ ᠬᠢᠵᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ ᠪᠣᠯᠤᠨ ᠬᠠᠨᠳᠤᠯᠭᠠᠲᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠨᠢ ᠯᠠᠪᠲᠠᠢ ᠶᠤᠮ ᠬᠡᠳᠡᠭ ᠢ ᠲᠠᠨᠢᠵᠦ᠂ ᠬᠤᠶᠢᠰᠢᠳᠠ ᠶᠢᠨ ᠠᠵᠢᠯ ᠪᠠ ᠠᠮᠢᠳᠤᠷᠠᠯ ᠤᠨ ᠳᠤᠮᠳᠠ ᠰᠢᠨ᠎ᠡ ︽ᠲᠦᠷᠢᠮ︾ ᠢ ᠲᠦᠷᠦᠭᠦᠯᠡᠨ ᠰᠤᠷᠤᠯᠴᠠᠨ ᠤᠬᠠᠭᠤᠯᠵᠤ᠂ ᠲᠤᠭᠤᠰᠢᠯᠠᠭᠤᠯᠤᠨ ᠬᠡᠷᠡᠭᠵᠢᠭᠦᠯᠵᠦ᠂ ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠨ᠎ᠠ ᠬᠡᠵᠦ ᠢᠯᠡᠤᠨᠬᠡᠵᠡᠬᠡᠪᠡ᠃       ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠤᠨᠬᠡᠯ ᠥᠭᠬᠦ ᠲᠦᠷᠢᠮ︾ ᠤᠨ ᠰᠤᠷᠪᠤᠯᠵᠢᠯᠠᠭ᠎ᠠ ᠪᠠ ᠮᠡᠳᠡᠪᠡᠰᠦ ᠵᠣᠬᠢᠬᠤ ᠮᠡᠳᠡᠯᠭᠡ ᠶᠢᠨ ᠰᠢᠯᠭᠠᠯᠲᠠ ᠪᠠᠷ ᠳᠠᠮᠵᠢᠭᠤᠯᠤᠨ᠂ ᠪᠥᠬᠦ ᠠᠷᠠᠳ ᠤᠨ ᠴᠠᠭᠳᠠᠭ᠎ᠠ ᠪᠠ ᠲᠤᠰᠠᠯᠠᠬᠤ ᠴᠠᠭᠳᠠᠭ᠎ᠠ ᠶᠢᠨ ᠰᠠᠬᠢᠯᠭ᠎ᠠ ᠪᠠᠲᠤ ᠶᠢᠨ ᠤᠬᠠᠮᠰᠠᠷ ᠢ ᠴᠢᠩᠭᠠᠳᠬᠠᠵᠤ᠂ ᠰᠠᠬᠢᠯᠭ᠎ᠠ ᠪᠠᠲᠤ ᠶᠣᠰᠣ ᠲᠦᠷᠢᠮ ᠢ ᠲᠠᠷᠢᠬᠢᠨ ᠳᠤᠨᠢ ᠬᠠᠳᠠᠩᠰᠢᠭᠤᠯᠵᠤ᠂ ᠢᠯᠵᠠᠷᠠᠯ ᠢ ᠡᠰᠡᠷᠭᠦᠴᠡᠨ ᠰᠡᠷᠭᠡᠶᠢᠯᠡᠬᠦ ᠦᠵᠡᠯ ᠰᠠᠨᠠᠭ᠎ᠠ ᠶᠣᠰᠣ ᠮᠣᠷᠠᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃  
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ