ᠤᠷᠠᠳ ᠤᠨ ᠳᠤᠮᠳᠠᠳᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠥᠬᠦ ᠬᠤᠰᠢᠭᠤᠨ ᠤ ︽ᠨᠢᠭᠡ ᠪᠠᠯᠭᠠᠰᠤ ᠨᠢᠭᠡ ᠨᠡᠷᠡᠳᠦ ᠲᠦᠷᠦᠯ ᠲᠡᠮᠳᠡᠭᠳᠦ︾ ᠵᠢᠴᠢ ᠴᠢᠬᠤᠯᠠ ᠶᠡᠭᠡ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠦᠪᠯᠡᠷᠡᠬᠦᠯᠦᠨ ᠲᠤᠭᠤᠷᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2024/7/22
      7 ᠰᠠᠷ᠎ᠠ ᠶᠢᠨ 9 ᠤ ᠡᠳᠦᠷ ᠠᠴᠠ 7 ᠰᠠᠷ᠎ᠠ ᠶᠢᠨ 10 ᠤ ᠡᠳᠦᠷ ᠪᠣᠯᠲᠠᠯ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠧᠦ ᠭᠤᠸᠠᠩ ᠵᠢᠶᠦ᠋ᠨ ᠨᠡᠷ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ︽ᠨᠢᠭᠡ ᠪᠠᠯᠭᠠᠰᠤ ᠨᠢᠭᠡ ᠨᠡᠷᠡᠳᠦ ᠲᠦᠷᠦᠯ ᠲᠡᠮᠳᠡᠭᠳᠦ︾ ᠵᠢᠴᠢ ᠴᠢᠬᠤᠯᠠ ᠶᠡᠭᠡ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠲᠥᠪᠯᠡᠷᠡᠭᠦᠯᠦᠨ ᠲᠤᠭᠤᠷᠢᠨ ᠪᠠᠶᠢᠴᠠᠭᠠᠪᠠ᠃       ᠭᠡᠰᠢᠭᠦᠳ ᠤᠷᠢᠳ ᠬᠤᠵᠢᠳ ᠭᠠᠭᠴᠠᠮᠤᠳᠤ ᠪᠠᠯᠭᠠᠰᠤ᠂ ᠲᠡᠯ ᠠᠭᠤᠯᠠ ᠪᠠᠯᠭᠠᠰᠤ᠂ ᠦᠵᠦᠬᠦᠷ ᠭᠤᠤᠯ ᠪᠠᠯᠭᠠᠰᠤ᠂ ᠮᠤᠶᠠᠩᠬᠠᠢ ᠮᠠᠯᠵᠢᠯ ᠤᠨ ᠲᠠᠯᠠᠪᠠᠢ᠂ ᠴᠤᠩᠵᠢ ᠰᠤᠮᠤ᠂ ᠬᠠᠯᠢᠭᠤᠲᠤ ᠪᠠᠯᠭᠠᠰᠤ ᠵᠡᠷᠭᠡ ᠭᠠᠵᠠᠷ ᠢᠶᠠᠷ ᠬᠦᠨᠵᠡᠬᠡᠶᠢᠷᠡᠨ ᠲᠤᠭᠤᠷᠢᠨ ᠪᠠᠶᠢᠴᠠᠭᠠᠪᠠ᠃ ᠬᠦᠷᠦᠭᠰᠡᠨ ᠭᠠᠵᠠᠷ ᠪᠣᠯᠭᠠᠨ ᠳᠤ᠂ ᠲᠤᠬᠠᠢ ᠶᠢᠨ ᠲᠠᠯᠠᠪᠠᠢ ᠶᠢᠨ ᠲᠠᠶᠢᠯᠤᠮᠵᠢ ᠬᠢᠬᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠰᠣᠯᠢᠯᠴᠠᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠡᠯ᠎ᠡ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠪᠡᠯᠡ ᠣᠷᠣᠭᠤᠯᠤᠯᠲᠠ᠂ ᠵᠢᠱᠢᠭᠰᠡᠨ ᠦᠷ᠎ᠡ ᠠᠰᠢᠭ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠦᠷ᠎ᠡ ᠶᠢᠨ ᠵᠢᠯ  ᠤᠨ ᠲᠤᠷᠰᠢᠬᠢ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ᠂ ᠰᠢᠨ᠎ᠡ ᠳᠦᠷᠰᠦ ᠪᠠᠶᠢᠳᠠᠯ ᠢ ᠪᠡᠶᠡᠴᠢᠯᠡᠨ ᠣᠶᠢᠯᠠᠭᠠᠵᠠᠢ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠬᠢᠯᠠᠰ ᠴᠡᠭ ᠢ  ᠭᠦᠢᠴᠡᠳ ᠨᠤᠲᠠᠯᠠᠵᠤ᠂ ᠣᠳᠣᠬᠠᠨ ᠳᠤ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠪᠠ ᠬᠦᠴᠢᠷᠳᠡᠯ ᠤᠨ ᠲᠤᠬᠠᠶ ᠬᠡᠷᠡᠭᠵᠢᠭᠦᠯᠵᠦ ᠪᠣᠯᠬᠤᠶᠢᠴᠠ ᠰᠠᠨᠠᠯ ᠰᠠᠨᠠᠭᠤᠯᠭ᠎ᠠ ᠳᠤᠷᠠᠳᠴᠠᠶ᠃       ᠭᠡᠰᠢᠭᠦᠳ᠂ ︽ᠨᠢᠭᠡ ᠪᠠᠯᠭᠠᠰᠤ ᠨᠢᠭᠡ ᠨᠡᠷᠡᠳᠦ ᠲᠦᠷᠦᠯ ᠲᠡᠮᠳᠡᠭᠳᠦ︾ ᠵᠢᠴᠢ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠤᠷᠠᠳ  ᠤᠨ ᠳᠤᠮᠳᠠᠳᠤ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ︽ᠬᠦᠴᠦᠷᠬᠡᠭ ᠬᠥᠳᠡᠯᠭᠡᠭᠦᠷ︾᠂ ︽ᠬᠠᠲᠠᠭᠤ ᠲᠤᠯᠭᠠᠭᠤᠷᠢᠯᠠᠯ︾ ᠮᠦᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠭᠦᠯᠬᠦ ᠲᠣᠭᠤᠷᠢᠨ ᠳᠤ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠪᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠬᠡᠵᠦ ᠰᠠᠨᠠᠯ ᠨᠢᠬᠡᠳᠡᠢ  ᠦᠵᠡᠵᠡᠭᠡᠪᠡ᠃ ᠤᠯᠠᠨ ᠢᠶᠠᠷ ᠢᠶᠠᠨ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ ᠶᠠᠪᠤᠳᠠᠯ ᠳᠤ ᠣᠷᠣᠯᠴᠠᠵᠤ ᠲᠦᠷᠦ ᠶᠢᠨ ᠶᠠᠪᠤᠳᠠᠯ ᠢ ᠵᠥᠪᠯᠡᠬᠦ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠨ᠂ ᠰᠤᠳᠤᠯᠭᠠᠨ ᠤ ᠠᠵᠢᠯ ᠢᠶᠠᠨ ᠭᠦᠨᠵᠡᠭᠡᠶᠢᠷᠡᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠮᠠᠨ ᠤ ᠬᠤᠰᠢᠭᠤᠨ ᠤ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠠᠶᠢᠭᠤᠯᠬᠤ ᠳᠤ ᠭᠤᠶᠢᠳᠠ ᠰᠠᠶᠢᠬᠠᠨ ᠢᠷᠠᠭᠤ ᠬᠠᠭᠤᠳᠠᠰᠤ ᠶᠢ ᠪᠢᠴᠢᠭᠯᠡᠨ᠎ᠡ ᠭᠡᠵᠦ ᠢᠯᠡᠳᠬᠡᠵᠡᠭᠡᠪᠡ᠃       ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠦᠷᠢᠨ᠂ ᠬᠤᠰᠢᠭᠤᠨ ᠤ ᠤᠯᠤᠰ ᠲᠥᠷᠥ  ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠧᠩ ᠰᠦᠩ ᠷᠦ ᠲᠤᠭᠤᠷᠢᠨ ᠪᠠᠶᠢᠴᠠᠭᠠᠯᠳᠠ ᠳᠤ ᠣᠷᠣᠯᠴᠠᠪᠠ᠃  
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ